4 ᠰᠠᠷ᠎ᠠ ᠶᠢᠨ 20 ᠤ ᠡᠳᠦᠷ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ | ᠵᠦᠪᠯᠡᠯ ᠤᠨ ᠪᠦᠬᠦᠳᠡ ᠬᠤᠷᠠᠯ ᠬᠤᠷᠠᠯᠳᠤᠵᠦ᠂ ᠶᠡᠷᠦᠩᠭᠡᠢ ᠱᠦᠵᠢ ᠰᠢ ᠶᠢᠨ ᠫᠢᠩ ᠤᠨ ᠪᠦᠬᠦ ᠤᠯᠤᠰ ᠤᠨ | ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠲᠡᠷᠢᠬᠦᠨ ᠤ ᠠᠵᠢᠯᠲᠡᠨ ᠤ ᠲᠦᠯᠦᠭᠡᠯᠡᠭᠴᠢᠳ ᠲᠠᠢ | ᠠᠭᠤᠯᠵᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠯᠢᠦ | ᠶᠦᠨ ᠱᠠᠨ ᠨᠦᠬᠦᠷ ᠤᠨ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠬᠦᠬᠢᠭᠦᠯᠦᠨ | ᠰᠠᠢᠰᠢᠶᠠᠬᠤ ᠵᠢᠴᠢ ᠯᠸᠢ ᠹᠧᠩ ᠠᠴᠠ ᠰᠤᠷᠤᠯᠴᠠᠨ ᠰᠠᠶᠢᠨ ᠲᠤᠷ᠎ᠠ ᠠᠴᠠ ᠪᠠᠨ ᠦᠢᠯᠡᠴᠢᠯᠡᠬᠦ ᠶᠡᠭᠡ ᠬᠤᠷᠠᠯ ᠲᠡᠭᠡᠷᠡᠬᠢ | ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠮᠠᠨ ᠤ ᠤᠷᠤᠨ ᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ ᠡᠷᠬᠢᠯᠡᠭᠴᠢ ᠸᠠᠩ | ᠵᠢᠶᠦ᠋ᠨ ᠬᠤᠷᠠᠯ ᠡᠷᠬᠢᠯᠡᠭᠰᠡᠡ ᠪᠦᠭᠡᠳ ᠶᠠᠷᠢᠶ᠎ᠠ ᠲᠠᠯᠪᠢᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠶᠢᠨ ᠲᠤᠭᠤᠷᠢᠨ ᠳᠤ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ | ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠬᠢᠵᠦ᠂ ᠤᠮᠠᠷᠠᠳᠦ ᠶᠢᠨ ᠦᠵᠡᠰᠬᠦᠯᠡᠩᠳᠦ ᠰᠠᠶᠢᠬᠠᠨ | ᠦᠵᠡᠮᠵᠢ ᠶᠢᠨ ᠤᠷᠤᠨ ᠢ ᠪᠠᠶᠢᠭᠤᠯᠬᠤ ᠳᠤ ᠪᠠᠳᠦ ᠴᠢᠩᠭ᠎ᠠ ᠦᠵᠡᠯ ᠰᠠᠨᠠᠭᠠᠨ ᠤ ᠪᠠᠳᠤᠯᠠᠭ᠎ᠠ᠂ ᠬᠦᠴᠦᠷᠭᠡᠭ ᠶᠡᠭᠡ | ᠤᠶᠤᠨ ᠤ ᠬᠦᠴᠦᠨ᠂ ᠪᠠᠶᠠᠯᠢᠬ ᠶᠤᠰᠦ ᠰᠤᠷᠳᠠᠬᠤᠨ ᠤ ᠰᠢᠮ᠎ᠠ ᠲᠡᠵᠢᠭᠡᠯ ᠬᠠᠩᠭᠠᠬᠤ ᠭᠡᠷᠡᠭᠳᠠᠢ ᠭᠡᠵᠦ | ᠴᠢᠬᠤᠯᠠᠴᠢᠯᠠᠵᠠᠢ᠃ | ᠸᠠᠩ ᠵᠢᠶᠦ᠋ᠨ᠂ ᠡᠯ᠎ᠠ ᠭᠠᠵᠠᠷ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠶᠡᠷᠦᠩᠭᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠦᠬᠦᠯᠡᠯᠳᠡ ᠪᠤᠯᠤᠨ ᠯᠢᠦ ᠶᠦᠨ ᠱᠠᠨ ᠨᠥᠬᠦᠷ ᠤᠨ | ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠮᠠᠨ ᠤ ᠤᠷᠤᠨ ᠤ | ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠰᠠᠶᠢᠨ ᠲᠤᠷᠰᠢᠯᠭ᠎ᠠ᠂ ᠰᠠᠶᠢᠨ ᠬᠢᠳᠡᠯ ᠢ ᠰᠠᠶᠢᠳᠤᠷ ᠳ᠋ᠦᠩᠨᠡᠨ᠂ | ᠲᠠᠨᠢᠯᠳᠠ ᠪᠠᠨ ᠤᠯᠠᠮ ᠲᠡᠭᠡᠭᠰᠢᠯᠡᠭᠦᠯᠦᠨ᠂ ᠢᠳᠡᠭᠡᠯ ᠢᠶᠠᠨ ᠪᠠᠳᠤᠳᠬᠠᠵᠦ᠂ ᠠᠮᠵᠢᠯᠳᠠ ᠪᠠᠨ ᠪᠠᠳᠠᠷᠠᠭᠤᠯᠵᠦ᠂ | ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠡᠳᠬᠢᠴᠡ ᠪᠠᠨ ᠲᠡᠬᠦᠯᠳᠡᠷᠵᠢᠭᠦᠯᠵᠦ᠂ ᠠᠷᠭ᠎ᠠ ᠬᠢᠳᠡᠯ ᠤᠨ ᠰᠢᠨ᠎ᠠ ᠶᠢ | ᠡᠬᠦᠳᠴᠦ᠂ ᠲᠡᠭᠡᠳᠦ ᠭᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠤᠯᠤᠨ ᠲᠡᠤᠬᠡᠲᠥ | ᠬᠠᠷᠢᠭᠤᠴᠠᠯᠭᠠᠲᠤ ᠤᠪᠤᠷ ᠢᠶᠠᠷ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠬᠦᠯᠵᠥ᠂ ᠯᠠᠪᠳᠠᠭᠤᠨ ᠪᠠᠳᠤᠳᠠᠢ ᠠᠬᠢᠭᠤᠯᠵᠦ᠂ ᠮᠠᠨ ᠤ ᠤᠷᠤᠨ ᠤ ᠤᠶᠤᠨ ᠤ | ᠪᠤᠯᠪᠠᠰᠤᠨ ᠤ ᠪᠠᠶᠢᠭᠤᠯᠤᠯᠳᠠ ᠶᠢ ᠰᠢᠨ᠎ᠠ ᠲᠡᠭᠳᠡᠷ ᠲᠤ ᠭᠠᠷᠭᠠᠬᠤ᠂ ᠲᠠᠬᠢᠨ ᠰᠢᠨ᠎ᠠ ᠠᠮᠵᠢᠯᠳᠠ ᠡᠬᠦᠳᠬᠦ ᠶᠢ | ᠡᠬᠢᠭᠤᠯᠬᠤ ᠭᠡᠷᠡᠭᠳᠠᠢ ᠭᠡᠵᠦ ᠵᠢᠭᠠᠵᠦ ᠭᠠᠷᠭᠠᠵᠠᠢ᠃ | ᠸᠠᠩ ᠵᠢᠶᠦ᠋ᠨ᠂ ᠡᠳᠡᠭᠡᠷ ᠭᠤᠤᠯᠳᠠᠯᠭ᠎ᠠ ᠲᠠᠢ ᠠᠵᠢᠯ ᠢ ᠪᠡᠶᠡᠯᠡᠭᠦᠯᠬᠦ ᠪᠠᠷ ᠲᠠᠮᠵᠢᠭᠤᠯᠤᠨ᠂ ᠤᠶᠤᠨ ᠤ | ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠤᠨ ᠪᠦᠬᠦ ᠲᠠᠯ᠎ᠠ ᠶᠢᠨ ᠬᠦᠭᠵᠢᠯᠳᠡ ᠶᠢ ᠲᠠᠶᠢᠴᠢᠯᠠᠨ | ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠪᠤᠯᠤᠨ ᠪᠦᠬᠦ ᠲᠠᠯ᠎ᠠ ᠪᠠᠷ | ᠬᠠᠤᠯᠢ ᠪᠠᠷ ᠤᠷᠤᠨ ᠢᠶᠠᠨ ᠵᠠᠰᠠᠬᠤ ᠶᠢ ᠯᠠᠪᠳᠠᠭᠤᠨ ᠪᠠᠳᠤᠳᠠᠢ ᠠᠬᠢᠭᠤᠯᠬᠤ᠂ ᠭᠤᠤᠯᠳᠠᠯᠭ᠎ᠠ ᠲᠠᠢ ᠠᠵᠢᠯ ᠪᠤᠯᠤᠨ | ᠭᠤᠤᠯᠳᠠᠯᠭ᠎ᠠ ᠲᠠᠢ ᠲᠦᠷᠦᠯ ᠵᠦᠢᠯ ᠢ ᠤᠷᠤᠬᠰᠢᠳᠠᠢ ᠭᠡᠷᠡᠭᠵᠢᠭᠦᠯᠬᠦ᠂ ᠠᠵᠦ ᠠᠬᠤᠢ ᠶᠢᠨ ᠦᠷᠬᠦᠯᠵᠢᠯᠡᠨ ᠡᠷᠡᠭᠦᠯ ᠢᠶᠠᠷ | ᠬᠦᠭᠵᠢᠬᠦ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠬᠤ᠂ ᠠᠷᠠᠳ ᠤᠨ ᠠᠮᠢᠳᠤᠷᠠᠯ ᠤᠨ ᠲᠦᠪᠰᠢᠨ ᠢ | ᠲᠡᠭᠡᠭᠰᠢᠯᠡᠭᠦᠯᠬᠦ᠂ ᠨᠠᠮ ᠤᠨ ᠰᠤᠷᠳᠠᠯ ᠵᠠᠰᠠᠬ ᠤᠨ ᠰᠤᠷᠳᠠᠯ ᠪᠤᠯᠤᠨ ᠨᠡᠶᠢᠭᠡᠮ ᠤᠨ ᠭᠡᠪ ᠰᠤᠷᠳᠠᠯ ᠢ ᠪᠦᠬᠦ ᠲᠠᠯ᠎ᠠ ᠪᠠᠷ | ᠰᠠᠶᠢᠵᠢᠷᠠᠭᠤᠯᠬᠤ ᠳᠤ ᠪᠠᠳᠦ ᠴᠢᠩᠭ᠎ᠠ ᠦᠵᠡᠯ ᠰᠠᠨᠠᠭᠠᠨ ᠤ ᠪᠠᠳᠤᠯᠠᠭ᠎ᠠ᠂ ᠬᠦᠴᠦᠷᠭᠡᠭ ᠶᠡᠭᠡ ᠤᠶᠤᠨ ᠤ ᠬᠦᠴᠦᠨ᠂ | ᠪᠠᠶᠠᠯᠢᠬ ᠶᠤᠰᠦ ᠰᠤᠷᠳᠠᠬᠤᠨ ᠤ ᠰᠢᠮ᠎ᠠ ᠲᠡᠵᠢᠭᠡᠯ ᠬᠠᠩᠭᠠᠬᠤ ᠭᠡᠷᠡᠭᠳᠠᠢ ᠭᠡᠵᠦ ᠴᠢᠬᠤᠯᠠᠴᠢᠯᠠᠪᠠ᠃ | ᠸᠠᠩ ᠵᠢᠶᠦ᠋ᠨ᠂ ᠤᠶᠤᠨ ᠤ ᠪᠤᠯᠪᠠᠰᠤᠨ ᠤ ᠪᠠᠶᠢᠭᠤᠯᠤᠯᠳᠠ ᠳᠠᠬᠢ ᠨᠠᠮ ᠤᠨ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠵᠢᠴᠢ ᠭᠤᠤᠯ ᠬᠠᠷᠢᠭᠤᠴᠠᠯᠭᠠᠳᠠᠨ | ᠨᠦᠬᠦᠳ ᠨᠡᠶᠢᠭᠡᠮ ᠵᠢᠷᠦᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠬᠦᠷᠭᠡ ᠬᠠᠷᠢᠭᠤᠴᠠᠯᠭ᠎ᠠ ᠶᠢ ᠦᠨᠡᠨᠬᠦ | ᠲᠠᠭᠠᠭᠠᠴᠢᠯᠠᠨ ᠠᠪᠴᠦ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠴᠢᠩᠳᠠᠯᠠᠵᠦ᠂ ᠨᠢᠭᠡᠳᠦᠯᠳᠠᠢ ᠲᠦᠯᠦᠪᠵᠢᠭᠦᠯᠦᠨ | ᠡᠮᠬᠢ ᠵᠢᠷᠦᠮ ᠲᠠᠢ ᠠᠬᠢᠭᠤᠯᠵᠦ᠂ ᠠᠷᠭ᠎ᠠ ᠭᠡᠯᠪᠡᠷᠢ ᠶᠢᠨ ᠠᠴᠢᠶᠠᠯᠠᠪᠤᠷᠢ ᠶᠢᠨ ᠰᠢᠨ᠎ᠠ ᠶᠢ ᠡᠬᠦᠳᠴᠦ᠂ ᠪᠤᠳᠠᠳᠦ ᠦᠷ᠎ᠠ | ᠪᠦᠳᠦᠮᠵᠢ ᠶᠢ ᠡᠷᠬᠢᠮᠯᠡᠨ᠂ ᠮᠠᠨ ᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ | ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠭᠡᠷᠡᠭᠳᠠᠢ ᠭᠡᠵᠦ ᠱᠠᠭᠠᠷᠳᠠᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ | ᠭᠡᠯᠳᠡᠰ ᠤᠨ ᠲᠠᠷᠤᠭ᠎ᠠ ᠤᠯᠠᠭᠠᠨ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ | 2014 ᠤᠨ ᠤ ᠠᠵᠢᠯ ᠤᠨ ᠲᠤᠬᠠᠢ ᠳ᠋ᠦᠩᠨᠡᠯᠲᠡ ᠬᠢᠵᠦ᠂ ᠡᠨᠡ ᠵᠢᠯ ᠤᠨ ᠪᠦᠬᠦ ᠤᠷᠤᠨ ᠤ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠠᠢ᠃ ᠤᠯᠠᠭᠠᠨ᠂ ᠡᠨᠡ ᠵᠢᠯ ᠤᠨ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠳᠤ ︽ᠲᠦᠷᠪᠡᠨ ᠪᠦᠬᠦ ᠲᠠᠯ᠎ᠠ︾ ᠶᠢᠨ ᠡᠨᠡᠬᠦ ᠶᠡᠭᠡ ᠲᠠᠯ᠎ᠠ ᠶᠢ ᠪᠠᠳᠦ | ᠡᠵᠡᠮᠳᠡᠵᠦ᠂ ᠡᠭᠡ ᠤᠯᠤᠰ ᠤᠨ ᠤᠮᠠᠷᠠᠳᠦ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ | ᠴᠤᠬ ᠵᠤᠯᠢ ᠪᠠᠨ ᠪᠠᠳᠠᠷᠠᠭᠤᠯᠬᠤ ᠭᠡᠷᠡᠭᠳᠠᠢ︔ ᠨᠡᠶᠢᠭᠡᠮ ᠵᠢᠷᠦᠮ ᠤᠨ ᠭᠤᠤᠯᠯᠠᠬᠴᠢ ᠦᠷᠳᠡᠭ ᠤᠨ ᠦᠵᠡᠯᠳᠠ ᠶᠢ | ᠦᠢᠯᠡᠳᠦᠯᠭᠡᠵᠢᠭᠦᠯᠬᠦ ᠡᠨᠡᠬᠦ ᠦᠨᠳᠦᠰᠦ ᠶᠢ ᠢᠮᠠᠬᠳᠠ ᠲᠤᠪᠤᠶᠢᠯᠭᠠᠵᠦ᠂ ᠦᠷᠳᠡᠭ ᠢᠶᠠᠷ ᠬᠦᠳᠦᠯᠦᠨ ᠵᠢᠯᠤᠭᠤᠳᠬᠤ | ᠬᠠᠮᠤᠭ ᠤᠨ ᠬᠦᠴᠦᠳᠦ ᠲᠠᠭᠤᠨ ᠢ ᠴᠢᠪᠬᠠᠳᠠᠬᠤ ᠭᠡᠷᠡᠭᠳᠠᠢ︔ ᠦᠵᠡᠯ ᠰᠠᠨᠠᠭ᠎ᠠ ᠶᠤᠰᠦ ᠰᠤᠷᠳᠠᠬᠤᠨ ᠤ | ᠪᠠᠶᠢᠭᠤᠯᠤᠯᠳᠠ ᠶᠢᠨ ᠡᠨᠡᠬᠦ ᠭᠤᠬᠴᠤᠭ᠎ᠠ ᠶᠢ ᠴᠢᠩᠭ᠎ᠠ ᠠᠳᠬᠤᠨ᠂ ᠨᠡᠶᠢᠭᠡᠮ ᠲᠠᠶᠠᠭᠠᠷ ᠲᠤ ᠦᠨᠡᠨ ᠰᠠᠶᠢᠨ ᠰᠠᠶᠢᠬᠠᠨ ᠢ | ᠶᠡᠭᠡᠪᠡᠷ ᠮᠠᠨᠳᠤᠭᠤᠯᠤᠨ ᠦᠢᠯᠡᠳᠦᠯᠭᠡᠵᠢᠭᠦᠯᠬᠦ ᠭᠡᠷᠡᠭᠳᠠᠢ︔ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ᠡᠨᠡᠬᠦ ᠠᠴᠢᠶᠠᠯᠠᠪᠤᠷᠢ ᠶᠢ ᠰᠠᠶᠢᠳᠤᠷ ᠠᠰᠢᠬᠯᠠᠨ᠂ ᠪᠦᠬᠦ ᠨᠡᠶᠢᠭᠡᠮ ᠳᠤ ᠲᠡᠷᠢᠬᠦᠨ ᠤ ᠬᠢ ᠶᠢ | ᠡᠬᠦᠳᠬᠦ ᠲᠡᠷᠢᠬᠦᠨ ᠤ ᠬᠢ ᠪᠤᠯᠬᠤ ᠪᠠᠷ ᠴᠢᠷᠮᠠᠶᠢᠬᠤ ᠢᠳᠡᠪᠬᠢ ᠬᠦᠴᠦᠨ ᠢ ᠨᠢᠬᠳᠠᠷᠠᠭᠤᠯᠬᠤ ᠭᠡᠷᠡᠭᠳᠠᠢ︔ ᠤᠶᠤᠨ ᠤ | ᠪᠤᠯᠪᠠᠰᠤᠨ ᠤ ᠪᠠᠶᠢᠭᠤᠯᠤᠯᠳᠠ ᠶᠢᠨ ᠬᠠᠮᠳᠦ ᠪᠠᠷ ᠡᠬᠦᠳᠦᠨ ᠪᠠᠶᠢᠭᠤᠯᠬᠤ ᠡᠨᠡᠬᠦ ᠤᠢᠢᠯᠠᠭᠠᠬᠳᠠᠬᠤᠨ ᠢ ᠦᠨᠡᠨᠬᠦ | ᠴᠢᠩᠭᠠᠳᠬᠠᠵᠦ᠂ ᠲᠡᠭᠡᠳᠦ ᠲᠤᠤᠷᠠᠳᠦ ᠱᠠᠳᠦ ᠪᠠᠷ ᠢᠶᠠᠨ ᠬᠦᠳᠡᠯᠦᠯᠴᠡᠨ ᠰᠠᠯᠠᠭ᠎ᠠ ᠮᠦᠴᠢᠷ ᠬᠤᠯᠪᠤᠭᠠᠯᠠᠬᠰᠠᠠ ᠶᠡᠭᠡ | ᠪᠠᠶᠢᠷᠢᠰᠢᠯ ᠢ ᠪᠦᠷᠢᠯᠳᠦᠭᠦᠯᠵᠦ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠤᠨ ᠰᠢᠨ᠎ᠠ ᠠᠬᠢᠴᠠ ᠰᠢᠨ᠎ᠠ | ᠠᠮᠵᠢᠯᠳᠠ ᠶᠢ ᠤᠯᠬᠤ ᠭᠡᠷᠡᠭᠳᠠᠢ ᠬᠡᠪᠡ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠬᠤᠷᠴᠠ᠂ ᠯᠢᠦ ᠰᠢᠨ ᠯᠧ᠂ ᠶᠠᠩ ᠴᠧᠩ ᠸᠠᠩ | ᠬᠤᠷᠠᠯ ᠳᠤ ᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠵᠦᠪᠯᠡᠯ ᠤᠨ ᠪᠦᠷᠢᠯᠳᠦᠬᠦᠨ | ᠨᠢᠭᠡᠴᠡ ᠪᠤᠯᠤᠨ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ | ᠨᠦᠬᠦᠳ ᠬᠤᠷᠠᠯ ᠳᠤ ᠤᠷᠤᠯᠴᠠᠵᠠᠢ᠃ |