ᠦᠬᠠᠢ ᠬᠤᠳᠠ 53 ᠳ᠋ᠦᠩᠰᠢᠭᠤᠷ ᠲᠦᠭᠦᠷᠢᠭ ᠤᠷᠤᠭᠤᠯᠤᠨ ᠠᠭᠠᠷ ᠮᠠᠨᠳᠠᠯ ᠤᠨ ᠪᠤᠬᠢᠷᠳᠤᠯ ᠢ ᠵᠠᠰᠠᠵᠦ ᠪᠠᠶᠢᠨ᠎ᠠ
ᠨᠡᠶᠢᠲᠡᠯᠡᠭᠰᠡᠨ ᠴᠠᠭ᠄
2015/4/30
      ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠭᠢᠮ ᠠᠴᠠ ᠤᠢᠢᠯᠠᠭᠠᠬᠰᠠᠨ ᠢᠶᠠᠷ᠂ ᠲᠦᠷᠦᠭᠦᠭᠡᠨ ᠦᠬᠠᠢ ᠬᠤᠳᠠ ᠶᠢᠨ ᠭᠤᠤᠯᠳᠠᠯᠭ᠎ᠠ ᠲᠠᠢ ᠪᠤᠬᠢᠷᠳᠤᠯ ᠤᠨ ᠠᠵᠦ ᠠᠬᠤᠢᠢᠯᠠᠯ ᠲᠠᠢ ᠾᠧ ᠨᠡᠭᠦᠷᠡᠰᠦ ᠬᠡᠤᠷᠰᠢᠭᠦᠯᠭᠦ ᠺᠤᠮᠫᠠᠨᠢ ᠶᠢᠨ ᠭᠦᠭᠦᠷ ᠤᠨ ᠲᠠᠪᠬᠤᠷ ᠢᠰᠤᠯ ᠤᠨ ᠭᠠᠳᠠᠬᠰᠢᠯᠠᠭᠤᠯᠤᠯᠳᠠ ᠪᠠᠷᠢᠮᠵᠢᠶ᠎ᠠ ᠳᠤ ᠬᠦᠷᠴᠤ᠂ ᠪᠦᠬᠦ ᠤᠷᠤᠨ ᠳᠤ ᠬᠠᠮᠤᠭ ᠤᠷᠢᠳᠠᠪᠠᠷ ᠬᠠᠶᠢᠯᠤᠭᠤᠯᠵᠦ ᠬᠡᠤᠷᠰᠢᠭᠦᠯᠭᠦ ᠬᠢᠮᠢ ᠶᠢᠨ ᠠᠵᠦ ᠦᠢᠯᠡᠳᠪᠤᠷᠢ ᠶᠢᠨ ᠪᠤᠬᠢᠷᠳᠤᠯ ᠪᠤᠳᠠᠰ ᠭᠠᠳᠠᠬᠰᠢᠯᠠᠭᠤᠯᠬᠤ ᠪᠠᠷᠢᠮᠵᠢᠶ᠎ᠠ ᠳᠤ ᠬᠦᠷᠴᠠᠢ᠃ ᠤᠢᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠠᠭᠠᠷ ᠮᠠᠨᠳᠠᠯ ᠤᠨ ᠪᠤᠬᠢᠷᠳᠤᠯ ᠢ ᠵᠠᠰᠠᠬᠤ ᠬᠦᠴᠦᠯᠡᠴᠡ ᠪᠠᠨ ᠶᠡᠭᠡᠰᠭᠡᠵᠦ᠂ ᠲᠠᠢ ᠾᠧ ᠺᠤᠮᠫᠠᠨᠢ ᠶᠢᠨ ᠨᠢᠳᠤᠨᠤᠨ ᠤ ᠤᠳᠤᠭ᠎ᠠ ᠲᠤᠭᠤᠰᠤ ᠶᠢ ᠬᠡᠤᠷᠰᠢᠭᠦᠯᠭᠦ ᠭᠦᠭᠦᠷ ᠦᠭᠡᠶᠢᠳᠡᠭᠦᠯᠭᠦ  ᠢᠨᠵᠧᠨᠧᠷᠢᠩ ᠤᠨ ᠪᠡᠯᠡ ᠤᠷᠤᠭᠤᠯᠤᠯᠳᠠ 2200 ᠲᠦᠮᠡᠨ ᠲᠦᠭᠦᠷᠢᠭ ᠲᠤ ᠬᠦᠷᠴᠠᠢ᠃      2014 ᠤᠨ ᠲᠤ᠂ ᠦᠬᠠᠢ ᠬᠤᠳᠠ ᠶᠢᠨ ᠠᠭᠠᠷ ᠮᠠᠨᠳᠠᠯ ᠢ ᠴᠡᠭᠴᠡᠯᠡᠨ ᠵᠠᠰᠠᠬᠤ ᠶᠢ ᠪᠠᠭᠳᠠᠭᠠᠬᠰᠠᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠡᠯᠡ ᠤᠷᠤᠭᠤᠯᠤᠯᠳᠠ 53 ᠳ᠋ᠦᠩᠰᠢᠭᠤᠷ ᠲᠦᠭᠦᠷᠢᠭ ᠬᠦᠷᠴᠤ᠂ ᠪᠤᠬᠢᠷᠳᠤᠯ ᠢ ᠪᠠᠭᠠᠰᠬᠠᠬᠤ 76 ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ 13 ᠬᠡᠤᠷᠰᠢᠭᠦᠯᠭᠦ ᠠᠵᠦ ᠠᠬᠤᠢᠢᠯᠠᠯ ᠬᠦᠭᠦᠷ ᠦᠭᠡᠶᠢᠳᠡᠭᠦᠯᠤᠨ ᠲᠤᠭᠤᠰᠤ ᠠᠷᠢᠯᠭᠠᠬᠤ ᠪᠠᠷᠢᠮᠵᠢᠶ᠎ᠠ ᠶᠢ ᠲᠡᠭᠡᠭᠰᠢᠯᠡᠭᠦᠯᠭᠦ ᠦᠭᠡᠷᠡᠴᠢᠯᠠᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠦᠢᠯᠡᠳᠪᠤᠷᠢᠯᠡᠯ ᠳᠤ ᠬᠡᠷᠡᠭᠯᠡᠵᠦ ᠪᠠᠶᠢᠭ᠎ᠠ ᠴᠠᠬᠢᠯᠭᠠᠨ ᠬᠦᠴᠦᠨ ᠮᠠᠰᠢᠨ ᠴᠤᠬᠴᠠᠯᠠᠪᠤᠷᠢ ᠪᠦᠬᠦᠨ ᠢᠶᠠᠷ ᠢᠶᠠᠨ ᠤᠯᠤᠰ ᠤᠨ ᠪᠤᠬᠢᠷᠳᠤᠯ ᠭᠠᠳᠠᠬᠰᠢᠯᠠᠭᠤᠯᠬᠤ ᠰᠢᠨ᠎ᠠ ᠪᠠᠷᠢᠮᠵᠢᠶ᠎ᠠ ᠳᠤ ᠬᠦᠷᠴᠤ᠂ ᠱᠦᠢᠨᠢ ᠦᠢᠯᠡᠳᠪᠤᠷᠢᠯᠡᠭᠦ ᠠᠵᠦ ᠠᠬᠤᠢᠢᠯᠠᠯ ᠪᠦᠬᠦᠨ ᠢᠶᠠᠷ ᠢᠶᠠᠨ ᠱᠠᠤ  ᠦᠭᠡᠶᠢᠲᠡᠭᠦᠯᠬᠦ ᠦᠭᠡᠷᠡᠴᠢᠯᠡᠨ ᠵᠠᠰᠠᠬᠤ ᠢᠨᠵᠧᠨᠧᠷᠢᠩ ᠢ ᠬᠢᠵᠦ ᠲᠠᠭᠤᠰᠬᠠᠵᠠᠢ᠃      ᠡᠨᠡ ᠵᠢᠯ᠂ ᠪᠦᠬᠦ ᠬᠤᠳᠠ ᠪᠠᠷ ᠢᠶᠠᠨ ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾᠎ ᠶᠢᠨ ᠬᠡᠷᠡᠭᠵᠢᠭᠦᠯᠦᠭᠳᠡᠭᠦ ᠪᠠᠷ ᠲᠤᠬᠢᠶᠠᠯ ᠪᠤᠯᠭᠠᠨ᠂ ᠪᠤᠬᠢᠷᠳᠤᠯ ᠢ ᠪᠠᠭᠠᠰᠬᠠᠬᠤ 97 ᠲᠦᠷᠦᠯ ᠵᠦᠢᠯ ᠢ ᠬᠡᠷᠡᠭᠵᠢᠭᠦᠯᠭᠦ ᠪᠠᠷ ᠲᠦᠯᠦᠪᠯᠡᠵᠦ᠂ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠬᠠᠮᠳᠤ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠬᠰᠢᠯᠠᠭᠤᠯᠬᠤ ᠶᠢ ᠪᠠᠭᠠᠰᠬᠠᠬᠤ ᠲᠦᠷᠦᠯ ᠵᠦᠢᠯ᠂ ᠬᠡᠤᠷᠰᠢᠭᠦᠯᠭᠦ ᠦᠢᠯᠡᠰ ᠤᠨ ᠪᠠᠷᠢᠮᠵᠢᠶ᠎ᠠ ᠶᠢ ᠲᠡᠭᠡᠭᠰᠢᠯᠡᠭᠦᠯᠭᠦ ᠦᠭᠡᠷᠡᠴᠢᠯᠠᠯᠳᠠ᠂ ᠬᠤᠳᠠ ᠶᠢᠨ ᠬᠤᠭ ᠲᠤᠭᠤᠰᠤ ᠤᠳᠤᠭ᠎ᠠ ᠤᠨᠢᠶᠠᠷ ᠢ ᠶᠡᠷᠦᠩᠭᠡᠶᠢᠯᠡᠨ ᠴᠡᠭᠴᠡᠯᠡᠨ ᠵᠠᠰᠠᠬᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠪᠠᠷ ᠭᠤᠤᠯ ᠠᠭᠤᠯᠭ᠎ᠠ ᠪᠤᠯᠭᠠᠬᠰᠠᠨ 4 ᠲᠦᠷᠦᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠢᠨᠵᠧᠨᠧᠷᠢᠩ ᠢ ᠦᠷᠬᠦᠯᠵᠢᠯᠡᠨ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号