ᠮᠠᠨ ᠤ ᠤᠷᠤᠨ ︽ᠲᠦᠬᠡᠮᠡᠯ ᠬᠠᠶᠢᠷ᠎ᠠ ᠶᠢᠨ ᠲᠤᠰᠠᠯᠠᠮᠵᠢ ᠶᠢᠨ ᠡᠳᠤᠷ︾᠎ ᠤᠨ ᠠᠵᠢᠯᠯᠠᠭ᠎ᠠ ᠪᠠᠷ 9 ᠵᠢᠯ ᠳᠤ 3400 ᠲᠦᠮᠡ ᠭᠠᠷᠤᠢ ᠲᠦᠭᠦᠷᠢᠭ ᠬᠠᠨᠳᠢᠪᠯᠡᠪᠡ
ᠨᠡᠶᠢᠲᠡᠯᠡᠭᠰᠡᠨ ᠴᠠᠭ᠄
2015/5/11
     5 ᠳ᠋ᠤᠭᠠᠷ ᠰᠠᠷ᠎ᠠ ᠶᠢᠨ 8᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠦᠪᠯᠡᠯ᠂ ᠶᠡᠭᠡ ᠲᠡᠭᠡᠳᠤ ᠰᠤᠷᠭᠠᠭᠤᠯᠢ ᠶᠢᠨ ᠠᠵᠢᠯ ᠤᠨ ᠵᠦᠪᠯᠡᠯ ᠪᠤᠯᠤᠨ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ ᠠᠴᠠ ᠡᠷᠬᠢᠯᠡᠨ ᠬᠤᠷᠠᠯᠳᠤᠭᠤᠯᠤᠬᠰᠡᠨ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠲᠦᠬᠡᠮᠡᠯ ᠬᠠᠶᠢᠷ᠎ᠠ ᠶᠢᠨ ᠲᠤᠰᠠᠯᠠᠮᠵᠢ ᠶᠢᠨ ᠡᠳᠤᠷ︾᠎ ᠤᠨ ᠠᠵᠢᠯᠯᠠᠭ᠎ᠠ ᠶᠢᠨ ᠰᠠᠶᠢᠰᠢᠶᠡᠨ ᠬᠦᠬᠢᠬᠦᠯᠬᠦ ᠶᠡᠭᠡ ᠬᠤᠷᠡᠯ ᠠᠴᠠ ᠤᠢᠢᠯᠠᠭᠠᠬᠰᠡᠨ ᠢᠶᠠᠷ᠂ ᠲᠤᠰ ᠠᠵᠢᠯᠯᠠᠭ᠎ᠠ 2006 ᠤᠨ ᠠᠴᠠ ᠡᠬᠢᠯᠡᠭᠰᠡᠨ ᠠᠴᠠ ᠨᠠᠰᠢ ᠨᠠᠶᠢᠳᠠ ᠪᠦᠬᠦ ᠤᠷᠤᠨ ᠤ 268 ᠪᠠᠶᠢᠭᠤᠯᠭ᠎ᠠ ᠨᠢᠭᠡᠴᠠ ᠪᠠ ᠠᠵᠦ ᠠᠬᠤᠢᠢᠯᠠᠯ ᠤᠷᠤᠯᠴᠡᠨ᠂ 9 ᠵᠢᠯ ᠳᠤ 3400.61 ᠲᠦᠮᠡᠨ ᠲᠦᠭᠦᠷᠢᠭ ᠬᠠᠨᠳᠢᠪᠯᠠᠭᠰᠠᠠ ᠪᠠᠶᠢᠨ᠎ᠠ᠃      ᠲᠤᠰ ᠤᠳᠠᠭᠠᠨ ᠤ ᠬᠤᠷᠡᠯ ᠳᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ᠲᠦᠬᠡᠮᠡᠯ ᠬᠠᠶᠢᠷ᠎ᠠ ᠶᠢᠨ ᠲᠤᠰᠠᠯᠠᠮᠵᠢ ᠶᠢᠨ ᠡᠳᠤᠷ︾᠎ ᠤᠨ ᠠᠵᠢᠯᠯᠠᠭ᠎ᠠ ᠳᠤ ᠢᠳᠡᠪᠬᠢᠯᠡᠨ ᠤᠷᠤᠯᠴᠡᠨ ᠲᠤᠪᠤᠶᠢᠮ᠎ᠠ ᠬᠤᠪᠢ ᠨᠠᠮᠠᠷᠢ ᠦᠵᠡᠬᠦᠯᠦᠭᠰᠠᠡ ᠬᠦᠬᠡᠬᠤᠳᠠ ᠶᠢᠨ ᠵᠠᠰᠠᠭ ᠤᠨ ᠤᠷᠳᠤᠨ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠵᠡᠷᠭᠡ 41 ᠪᠠᠶᠢᠭᠤᠯᠭ᠎ᠠ ᠨᠢᠬᠡᠴᠡ ᠶᠢ ᠰᠠᠶᠢᠰᠢᠶᠡᠨ ᠬᠦᠬᠢᠬᠦᠯᠪᠠ᠃ ᠬᠤᠷᠡᠯ ᠠᠴᠠ ᠪᠠᠰᠠ 2015 ᠤᠨ ᠳᠤ ︽ᠲᠦᠬᠡᠮᠡᠯ ᠬᠠᠶᠢᠷ᠎ᠠ ᠶᠢᠨ ᠲᠤᠰᠠᠯᠠᠮᠵᠢ ᠶᠢᠨ ᠡᠳᠤᠷ︾᠎ ᠤᠨ ᠠᠵᠢᠯᠯᠠᠭ᠎ᠠ ᠦᠷᠨᠢᠬᠦᠯᠬᠦ ᠠᠵᠢᠯ ᠢᠶᠠᠨ ᠪᠠᠶᠢᠷᠢᠯᠠᠭᠤᠯᠵᠠᠢ᠃      ᠤᠢᠢᠯᠠᠭᠠᠬᠰᠡᠨ ᠢᠶᠠᠷ᠂ 2006 ᠤᠨ ᠳᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠵᠦᠪᠰᠢᠶᠡᠷᠡᠨ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ ᠠᠴᠠ ᠵᠢᠯ ᠪᠤᠯᠭᠠᠨ ᠤ 5 ᠳ᠋ᠤᠭᠠᠷ ᠰᠠᠷ᠎ᠠ  ᠶᠢᠨ 8᠎ ᠤ ᠡᠳᠤᠷ ᠤᠨ ︽ᠲᠡᠯᠡᠬᠡᠢ ᠶᠢᠨ ᠤᠯᠠᠭᠠᠨ ᠵᠠᠭᠠᠯᠮᠠᠶᠢᠳᠡᠨ ᠤ ᠡᠳᠤᠷ︾᠎ ᠠᠴᠠ ᠡᠬᠢᠯᠡᠵᠦ᠂ ᠪᠦᠬᠦ ᠤᠷᠤᠨ ᠤ ᠬᠡᠪᠴᠢᠶᠡᠨ ᠳᠤ ︽ᠲᠦᠬᠡᠮᠡᠯ ᠬᠠᠶᠢᠷ᠎ᠠ ᠶᠢᠨ ᠲᠤᠰᠠᠯᠠᠮᠵᠢ ᠶᠢᠨ ᠡᠳᠤᠷ︾᠎ ᠤᠨ ᠠᠵᠢᠯᠯᠠᠭ᠎ᠠ ᠦᠷᠨᠢᠬᠦᠯᠵᠦ ᠡᠬᠢᠯᠡᠪᠡ᠃ ᠠᠵᠢᠯᠯᠠᠭ᠎ᠠ ᠨᠢ ᠺᠡᠳ᠋ᠷ ᠠᠵᠢᠯᠳᠡᠳ‌ᠡᠴᠠ ᠰᠠᠶᠢᠨ ᠲᠤᠷ᠎ᠠ ᠠᠴᠠ ᠪᠠᠨ ᠦᠪᠡᠷ ᠤᠨ ᠢᠶᠠᠨ ᠨᠢᠭᠡ ᠡᠳᠤᠷ ᠤᠨ ᠴᠡᠯᠢᠭ ᠢᠶᠠᠨ ᠬᠠᠨᠳᠢᠪᠯᠡᠬᠤ ᠪᠠ ᠠᠵᠦ ᠠᠬᠤᠢᠢᠯᠠᠯ ᠤᠨ ᠬᠢᠨ 1 ᠡᠳᠤᠷ ᠤᠨ ᠤᠷᠤᠯᠭ᠎ᠠ ᠪᠤᠶᠤ ᠠᠰᠢᠭ ᠤᠯᠵᠠᠪᠦᠷᠢ ᠪᠠᠨ ᠬᠠᠨᠳᠢᠪᠯᠡᠬᠤ ᠶᠢ ᠤᠷᠢᠶᠡᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号