ᠪᠦᠬᠦ ᠤᠷᠤᠨ ᠤ ᠰᠤᠷᠭᠠᠭᠤᠯᠢ ᠶᠢᠨ ᠠᠮᠤᠷ ᠲᠦᠪᠰᠢᠨ ᠲᠤᠭᠲᠠᠭᠤᠨ ᠪᠠᠶᠢᠯᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/5/13
     4 ᠳ᠋ᠤᠭᠡᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠭᠡᠲᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠦᠮᠦᠵᠢᠯ ᠤᠨ ᠲᠢᠩᠬᠢᠮ ᠪᠦᠬᠦ ᠤᠷᠤᠨ ᠤ ᠰᠤᠷᠭᠠᠭᠤᠯᠢ ᠶᠢᠨ ᠠᠮᠤᠷ ᠲᠦᠪᠰᠢᠨ ᠲᠤᠭᠲᠠᠭᠤᠨ ᠪᠠᠶᠢᠯᠭᠠᠬᠤ ᠠᠵᠢᠯ ᠤᠨ ᠬᠤᠷᠠᠯ ᠢ ᠬᠦᠬᠡᠬᠤᠲᠠ ᠳᠤ ᠬᠤᠷᠠᠯᠳᠤᠪᠠ᠃ ᠰᠤᠷᠭᠠᠨ ᠬᠦᠮᠦᠵᠢᠯ ᠤᠨ ᠲᠢᠩᠬᠢᠮ ᠤᠨ ᠳᠡᠳ᠋ ᠳᠠᠷᠤᠭ᠎ᠠ ᠳ᠋ᠸᠤ ᠬᠦᠢ ᠵᠢᠶᠦ᠋ᠨ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 9 ᠠᠶᠢᠮᠠᠭ ᠬᠤᠲᠠ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠤᠷᠭᠠᠭᠤᠯᠢ ᠶᠢᠨ ᠲᠡᠷᠭᠡ 579᠎ ᠶᠢ ᠲᠤᠬᠢᠷᠠᠭᠤᠯᠵᠤ᠂ ᠡᠭᠦᠨ ᠤ ᠳᠡᠭᠡᠷ᠎ᠡ ᠵᠠᠷᠢᠮ ᠰᠤᠷᠭᠠᠭᠤᠯᠢ ︵ᠬᠡᠤᠭᠡᠳ ᠤᠨ ᠴᠡᠴᠡᠷᠯᠢᠭ︶ ᠦᠪᠡᠰᠦᠪᠡᠨ ᠰᠤᠷᠭᠠᠭᠤᠯᠢ ᠶᠢᠨ ᠲᠡᠷᠭᠡ ᠪᠡᠯᠡᠳᠭᠡᠵᠤ᠂ 5 ᠲᠦᠮᠡ ᠭᠠᠷᠤᠢ ᠰᠤᠷᠤᠭᠴᠢ ( ᠬᠡᠤᠭᠡᠳ︶ ᠰᠤᠷᠭᠠᠭᠤᠯᠢ ᠶᠢᠨ ᠲᠡᠷᠭᠡ ᠳᠤ ᠰᠠᠭᠤᠵᠤ ᠪᠠᠶᠢᠨ᠎ᠠ᠃ ᠭᠡᠪᠡᠴᠦ ᠡᠳ᠋ ᠤᠨ ᠬᠦᠴᠦ ᠬᠢᠵᠠᠭᠠᠷᠲᠠᠢ᠂ ᠭᠠᠵᠠᠷ ᠨᠤᠲᠤᠭ ᠤᠨ ᠰᠤᠨᠳᠠᠯᠠᠭᠰᠠᠨ ᠬᠡᠪᠴᠢᠶ᠎ᠡ ᠶᠡᠭᠡ᠂ ᠰᠤᠷᠤᠭᠴᠢᠳ ᠤᠨ ᠤᠷᠤᠨ ᠰᠠᠭᠤᠴᠠ ᠲᠠᠷᠬᠠᠢ ᠪᠤᠳᠠᠷᠬᠠᠢ᠂ ᠵᠦᠭᠡᠭᠡᠪᠦᠷᠢ ᠶᠢᠨ ᠡᠵᠡᠩᠨᠡᠯᠲᠡ ᠬᠠᠮᠠᠭᠠᠯᠠᠯᠲᠠ ᠶᠢᠨ ᠦᠪᠡᠷ ᠤᠨ ᠦᠷᠲᠡᠭ ᠦᠨᠳᠦᠷ ᠠᠴᠠ ᠪᠤᠯᠵᠤ᠂ ᠰᠤᠷᠭᠠᠭᠤᠯᠢ ᠶᠢᠨ ᠲᠡᠷᠭᠡ ᠶᠢᠨ ᠦᠢᠯᠡᠴᠢᠯᠡᠭᠡᠨ ᠤ ᠳᠦᠷᠢᠮ ᠤᠨ ᠠᠬᠢᠴᠠ ᠤᠳᠠᠭᠠᠨ᠂ ᠬᠦᠭᠵᠢᠯᠲᠡ ᠨᠢ ᠲᠡᠩᠴᠠᠪᠦᠷᠢ ᠦᠭᠡᠢ ᠪᠠᠶᠢᠨ᠎ᠠ᠃ ᠤᠳᠤᠬᠠᠨ ᠳᠤ᠂ ᠪᠦᠬᠦ ᠤᠷᠤᠨ ᠳᠤ ᠪᠠᠷᠤᠭ 30 ᠲᠦᠮᠡ ᠤᠷᠴᠢᠮ ᠤᠨ ᠰᠤᠷᠤᠭᠴᠢ ᠰᠤᠷᠭᠠᠭᠤᠯᠢ ᠶᠢᠨ ᠲᠡᠷᠭᠡᠨ ᠳᠤ ᠰᠠᠭᠤᠬᠤ ᠴᠢᠬᠤᠯᠠᠲᠠᠢ ᠪᠠᠶᠢᠵᠤ᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠨᠢ ᠴᠤ ᠲᠤᠯᠭᠠᠮ᠎ᠠ ᠱᠠᠭᠠᠷᠳᠠᠭᠳᠠᠵᠤ ᠪᠤᠢ᠃      ᠨᠢᠳᠤᠨᠤᠨ ᠠᠴᠠ ᠨᠠᠰᠢ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠠᠯᠢ ᠤᠯᠠᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠪᠠᠭᠤᠯᠭᠠᠵᠤ᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠤᠲᠤᠷᠬᠠᠢ ᠱᠠᠭᠠᠷᠳᠠᠯᠭ᠎ᠠ ᠳᠤᠷᠠᠳᠪᠠ᠃ ᠤᠶᠢᠷ᠎ᠠ ᠳᠤ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠤᠨ ᠰᠣᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠠᠵᠠᠷ ᠶᠠᠭ ᠦᠪᠡᠷᠲᠡᠭᠡᠨ ᠵᠠᠰᠠᠬᠤ ᠤᠷᠤᠨ ᠤ ᠱᠠᠲᠤᠨ ᠤ ᠰᠤᠷᠭᠠᠭᠤᠯᠢ ᠶᠢᠨ ᠲᠡᠷᠭᠡᠨ ᠤ ᠳᠦᠷᠢᠮ ᠤᠨ ᠦᠢᠯᠡᠴᠢᠯᠡᠭᠡᠨ ᠤ ᠲᠦᠰᠦᠯ ᠲᠤᠭᠲᠠᠭᠠᠵᠤ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠲᠤᠷᠬᠠᠶᠢᠯᠠᠵᠤ᠂ ᠪᠦᠬᠦ ᠤᠷᠤᠨ ᠤ ᠰᠤᠷᠭᠠᠭᠤᠯᠢ ᠶᠢᠨ ᠲᠡᠷᠭᠡᠨ ᠤ ᠬᠡᠷᠡᠭᠵᠢᠬᠦᠯᠬᠦ ᠠᠬᠢᠴᠠ ᠶᠢ ᠲᠦᠯᠬᠢᠨ ᠠᠬᠢᠭᠤᠯᠬᠤ ᠪᠠᠷ ᠪᠠᠶᠢᠨ᠎ᠠ᠃ ᠬᠤᠷᠠᠯ ᠳᠡᠭᠡᠷ᠎ᠡ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠭᠤᠯᠢ ᠶᠢᠨ ᠲᠡᠷᠭᠡᠨ ᠤ ᠵᠦᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠰᠦᠯ ︵ᠶᠠᠷᠢᠯᠴᠠᠬᠤ ᠨᠤᠤᠷᠠᠭ︶︾᠎ ᠢ ᠨᠢᠭᠡᠨᠲᠡ ᠦᠪᠡᠷᠲᠡᠭᠡᠨ ᠵᠠᠰᠠᠬᠤ ᠤᠷᠤᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠳᠤ ᠲᠠᠷᠬᠠᠭᠠᠨ ᠦᠭᠪᠡ᠂ ︽ᠤᠯᠠᠨ ᠢᠶᠠᠷ ᠢᠶᠠᠨ ᠲᠦᠯᠦᠪᠯᠡᠬᠦ︾ ᠰᠠᠨᠠᠯ ᠰᠠᠨᠠᠭᠤᠯᠭ᠎ᠠ ᠶᠢ ᠬᠤᠷᠢᠶᠠᠵᠤ᠂ ᠬᠠᠮᠢᠶ᠎ᠠ ᠪᠦᠬᠦᠢ ᠰᠠᠨᠠᠭᠤᠯᠭ᠎ᠠ ᠶᠢ 6 ᠰᠠᠷ᠎ᠠ ᠶᠢᠨ ᠰᠡᠬᠦᠯᠴᠢ ᠠᠴᠠ ᠡᠮᠦᠨ᠎ᠡ ᠰᠤᠷᠭᠠᠨ ᠬᠦᠮᠦᠵᠢᠯ ᠤᠨ ᠲᠢᠩᠬᠢᠮ ᠳᠤ ᠬᠤᠷᠢᠶᠠᠩᠭᠤᠶᠢᠯᠠᠵᠤ ᠦᠭᠭᠦ ᠪᠤᠯᠤᠯᠴᠠᠭ᠎ᠠ ᠲᠠᠢ ᠪᠠᠶᠢᠨ᠎ᠠ᠃ ᠬᠤᠷᠠᠯ ᠳᠤ᠂ ᠬᠢᠨᠭ᠍ᠭᠠᠨ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠳᠡᠳ᠋  ᠳᠠᠷᠤᠭ᠎ᠠ ᠶᠠᠩ ᠹᠦ᠋ ᠵᠤ᠋ ︽ᠰᠤᠷᠭᠠᠭᠤᠯᠢ ᠶᠢᠨ ᠲᠡᠷᠭᠡᠨ ᠤ ᠢᠨᠵᠧᠨᠧᠷᠢᠩ ᠢ ᠢᠳᠡᠪᠬᠢᠲᠠᠢ ᠬᠡᠷᠡᠭᠵᠢᠬᠦᠯᠵᠤ  ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠰᠤᠬᠠᠢ︾ ᠬᠡᠰᠡᠨ ᠰᠡᠳᠦᠪ ᠢᠶᠠᠷ ᠲᠤᠷᠰᠢᠯᠠᠭ᠎ᠠ ᠪᠠᠨ ᠰᠤᠯᠢᠯᠴᠠᠪᠠ᠃ 2012 ᠤᠨ ᠳᠤ ᠲᠦᠷᠦ ᠶᠢᠨ ᠶᠠᠪᠤᠳᠠᠯ ᠤᠨ ᠬᠤᠷᠢᠶ᠎ᠠ ︽ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠎ ᠢ ᠨᠡᠶᠢᠲᠡᠯᠡᠭᠰᠡᠨ ᠠᠴᠠ ᠬᠤᠶᠢᠰᠢ᠂ ᠲᠤᠰ ᠠᠶᠢᠮᠠᠭ ᠤᠨ ᠤᠯᠠᠭᠠᠨᠬᠤᠲᠠ ᠤᠷᠢᠳ ᠬᠤᠵᠢᠳ 1000 ᠢᠯᠡᠭᠦᠦ ᠲᠦᠮᠡᠨ ᠲᠦᠭᠦᠷᠢᠭ ᠤᠷᠤᠭᠤᠯᠵᠤ᠂ ᠤᠷᠢᠳᠠᠪᠠᠷ ᠬᠦᠳᠡᠭᠡ ᠲᠤᠰᠬᠤᠨ ᠤ ᠳᠤᠮᠳᠠᠲᠤ ᠪᠠᠭ᠎ᠠ ᠰᠤᠷᠭᠠᠭᠤᠯᠢ ᠳᠤ 20 ᠰᠤᠷᠭᠠᠭᠤᠯᠢ ᠶᠢᠨ ᠲᠡᠷᠭᠡ ᠬᠤᠳᠠᠯᠳᠤᠨ ᠠᠪᠴᠦ ᠬᠡᠷᠡᠭᠯᠡᠭᠡᠨ ᠳᠤ ᠤᠷᠤᠭᠤᠯᠵᠤ᠂ ᠰᠤᠷᠭᠠᠭᠤᠯᠢ ᠶᠢᠨ ᠲᠡᠷᠭᠡ ᠶᠢ ᠬᠡᠷᠡᠭᠯᠡᠭᠡᠨ ᠳᠤ ᠤᠷᠤᠭᠤᠯᠤᠭᠰᠠᠨ ᠬᠠᠮᠤᠭ ᠤᠨ ᠲᠡᠷᠢᠭᠦᠨ ᠤ ᠬᠤᠰᠢᠭᠤ ᠰᠢᠶᠠᠨ ᠬᠤᠲᠠ ᠪᠤᠯᠪᠠ᠃ ᠤᠳᠤ᠂ ᠬᠢᠨᠭ᠍ᠭᠠᠨ ᠠᠶᠢᠮᠠᠭ  ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠨᠡᠶᠢᠲᠡ 146 ᠰᠤᠷᠭᠠᠭᠤᠯᠢ ᠶᠢᠨ ᠲᠡᠷᠭᠡ ᠲᠠᠢ ᠪᠠᠶᠢᠵᠤ᠂ 6204 ᠰᠤᠷᠤᠭᠴᠢ ᠠᠰᠢᠭ ᠬᠦᠷᠲᠡᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号