ᠥᠴᠦᠭᠡᠳᠦᠷ᠂ ᠰᠣᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠵᠤ ᠮᠡᠳᠡᠭᠰᠡᠨ ᠨᠢ᠂ 2015 ᠣᠨ ᠤ 10 ᠰᠠᠷ᠎ᠠ ᠶᠢᠨ | ᠥᠨᠳᠥᠷ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢᠶᠠᠨ ᠰᠤᠷᠤᠭᠰᠠᠳ ᠤᠨ ᠰᠢᠯᠭᠠᠯᠲᠠ ᠶᠢᠨ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠨᠢ 5 ᠰᠠᠷ᠎ᠠ ᠶᠢᠨ 9 ᠤ ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ | ᠶᠠᠪᠤᠭᠳᠠᠵᠤ᠂ ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠠᠭᠠᠯᠲᠠ ᠶᠢᠨ ᠮᠡᠳᠡᠭᠡ ᠵᠠᠩᠭᠢ ᠶᠢᠨ | ᠰᠦᠯᠵᠢᠶᠡᠨ ᠤ ᠥᠪᠡᠷ ᠢᠶᠠᠨ ᠰᠤᠷᠤᠭᠰᠠᠳ ᠤᠨ ᠰᠢᠯᠭᠠᠯᠲᠠ ᠶᠢᠨ ᠰᠤᠪᠠᠭ ᠲᠠᠬᠢ ᠨᠡᠷ᠎ᠡ ᠮᠡᠳᠡᠭᠦᠯᠦᠨ ᠰᠢᠯᠭᠠᠭᠤᠯᠬᠤ | ᠰᠢᠰᠲ᠋ᠧᠮᠵᠢ ᠳᠤ ᠳᠠᠩᠰᠠᠯᠠᠭᠤᠯᠬᠤ᠂ ᠰᠢᠯᠭᠠᠬᠤ ᠮᠡᠷᠭᠡᠵᠢᠯ ᠢ ᠯᠠᠪᠯᠠᠨ ᠠᠰᠠᠭᠤᠬᠤ᠂ ᠰᠢᠯᠭᠠᠬᠤ ᠭᠡᠴᠢᠶᠡᠯ ᠢᠶᠠᠨ | ᠲᠠᠭᠯᠠᠨ ᠮᠡᠳᠡᠭᠦᠯᠬᠦ ᠵᠢᠴᠢ ᠰᠢᠯᠭᠠᠯᠲᠠ ᠳᠤ ᠮᠡᠳᠡᠭᠦᠯᠬᠦ ᠰᠦᠢᠳᠬᠡᠯ ᠵᠡᠷᠭᠡ ᠶᠠᠪᠤᠳᠠᠯ ᠢ ᠭᠦᠢᠴᠡᠳᠬᠡᠨ᠎ᠡ᠃ | ᠰᠢᠨ᠎ᠡ ᠰᠢᠯᠭᠠᠭᠤᠯᠤᠭᠰᠠᠳ ᠳᠠᠩᠰᠠᠯᠠᠭᠤᠯᠤᠭᠰᠠᠨ ᠤ ᠬᠤᠶᠢᠨ᠎ᠠ᠂ ᠬᠤᠰᠢᠭᠤ ᠰᠢᠶᠠᠨ ᠲᠣᠭᠤᠷᠢᠭ ᠤᠨ | ᠨᠡᠷ᠎ᠡ ᠮᠡᠳᠡᠭᠦᠯᠬᠦ ᠴᠢᠭ᠋ ᠲᠤ ᠬᠦᠷᠴᠦ ᠲᠤᠬᠠᠢ ᠶᠢᠨ ᠲᠠᠯᠠᠪᠤᠷ ᠲᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢᠶᠠᠨ ᠰᠢᠷᠪᠢᠭᠦᠯᠬᠦ᠂ ᠬᠤᠷᠤᠭᠤᠨ ᠤ ᠬᠤᠷᠢᠶᠠᠬᠤ ᠰᠤᠳᠠᠯ ᠤᠨ ᠮᠡᠳᠡᠭᠡ ᠵᠠᠩᠭᠢ ᠴᠤᠭᠯᠠᠭᠤᠯᠬᠤ᠂ | ᠭᠡᠷᠡᠯ ᠵᠢᠷᠤᠭ ᠠᠪᠤᠭᠤᠯᠬᠤ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠮᠡᠳᠡᠷᠡᠭᠦᠯᠬᠦ ᠵᠡᠷᠭᠡ ᠶᠢ ᠭᠦᠢᠴᠡᠳᠬᠡᠨ᠎ᠡ᠃ | ᠨᠡᠷ᠎ᠡ ᠮᠡᠳᠡᠭᠦᠯᠬᠦ ᠬᠤᠭᠤᠴᠠᠭᠠᠨ ᠳᠤ ᠬᠠᠭᠤᠴᠢᠨ ᠰᠢᠯᠭᠠᠭᠤᠯᠤᠭᠰᠠᠳ ᠪᠠᠰᠠ ᠰᠦᠯᠵᠢᠶᠡᠨ ᠳᠡᠭᠡᠷ᠎ᠡ ᠰᠢᠯᠵᠢᠨ | ᠰᠢᠯᠭᠠᠬᠤ ᠪᠠᠨ ᠭᠤᠶᠤᠴᠢᠯᠠᠬᠤ᠂ ᠦᠢᠯᠡᠳᠦᠯᠭᠡ ᠶᠢᠨ ᠵᠠᠩᠭᠢᠯᠠᠭ᠎ᠠ ᠶᠢᠨ ᠬᠢᠨᠠᠨ ᠰᠢᠯᠭᠠᠬᠤ ᠳᠤ ᠨᠡᠷ᠎ᠡ ᠮᠡᠳᠡᠭᠦᠯᠬᠦ ᠪᠠ | ᠰᠤᠷᠤᠯᠭ᠎ᠠ ᠲᠡᠭᠦᠰᠦᠭᠰᠡᠨ ᠢᠶᠠᠨ ᠬᠢᠨᠠᠨ ᠬᠠᠷᠭᠤᠭᠤᠯᠬᠤ ᠶᠢ ᠭᠤᠶᠤᠴᠢᠯᠠᠬᠤ ᠵᠡᠷᠭᠡ ᠶᠠᠪᠤᠳᠠᠯ ᠢ ᠭᠦᠢᠴᠡᠳᠬᠡᠵᠦ | ᠪᠣᠯᠣᠨ᠎ᠠ᠃ ᠲᠤᠰ ᠤᠳᠠᠭᠠᠨ ᠤ ᠨᠡᠷ᠎ᠡ ᠮᠡᠳᠡᠭᠦᠯᠦᠯᠲᠡ ᠳᠤ ᠰᠢᠯᠭᠠᠯᠲᠠ ᠠᠴᠠ ᠬᠡᠯᠲᠦᠷᠢᠭᠦᠯᠬᠦ ᠭᠤᠶᠤᠴᠢᠯᠠᠯ ᠢ | ᠭᠦᠢᠴᠡᠳᠬᠡᠬᠦ ᠦᠭᠡᠢ᠂ ᠰᠢᠯᠭᠠᠯᠲᠠ ᠠᠴᠠ ᠬᠡᠯᠲᠦᠷᠢᠭᠦᠯᠬᠦ ᠶᠢ ᠭᠤᠶᠤᠴᠢᠯᠠᠬᠤ ᠬᠤᠭᠤᠴᠠᠭ᠎ᠠ ᠪᠣᠯ ᠵᠢᠯ ᠪᠦᠷᠢ ᠶᠢᠨ 3 | ᠰᠠᠷ᠎ᠠ ᠶᠢᠨ ᠰᠢᠨᠡᠳ ᠪᠠ 9 ᠰᠠᠷ᠎ᠠ ᠶᠢᠨ ᠰᠢᠨᠡᠳ ᠪᠣᠯᠣᠨ᠎ᠠ᠂ ᠪᠤᠲᠠᠲᠠᠢ ᠴᠠᠭ ᠢ ᠨᠢ ᠥᠪᠥᠷ ᠮᠣᠩᠭᠤᠯ ᠤᠨ ᠰᠤᠷᠤᠭᠴᠢ | ᠡᠯᠰᠡᠬᠦ ᠰᠢᠯᠠᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠭᠠᠷᠴᠤ ᠯᠠᠪᠯᠠᠨ ᠠᠰᠠᠭᠤᠵᠤ ᠪᠣᠯᠣᠨ᠎ᠠ᠃ | ᠰᠢᠯᠭᠠᠭᠤᠯᠤᠭᠰᠠᠳ ᠨᠡᠷ᠎ᠡ ᠮᠡᠳᠡᠭᠦᠯᠵᠦ ᠳᠡᠶᠢᠯᠦᠭᠰᠡᠨ ᠬᠤᠶᠢᠨ᠎ᠠ᠂ ᠰᠢᠯᠭᠠᠬᠤ ᠠᠴᠠ ᠡᠮᠦᠨ᠎ᠡ ᠨᠢᠭᠡ | ᠭᠠᠷᠠᠭ ᠤᠨ ᠳᠣᠲᠣᠷ᠎ᠠ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠠᠭᠠᠯᠲᠠ ᠶᠢᠨ ᠮᠡᠳᠡᠭᠡ ᠵᠠᠩᠭᠢ ᠶᠢᠨ | ᠰᠦᠯᠵᠢᠶᠡᠨ ᠳᠤ ᠭᠠᠷᠴᠤ ᠰᠠᠭᠤᠳᠠᠯ ᠤᠨ ᠮᠡᠳᠡᠭᠳᠡᠯ ᠤᠨ ᠬᠠᠭᠤᠳᠠᠰᠤ ᠶᠢ ᠥᠪᠡᠷ ᠢᠶᠠᠨ ᠪᠠᠭᠤᠯᠭᠠᠨ ᠠᠪᠴᠤ᠂ | ᠮᠡᠳᠡᠭᠳᠡᠯ ᠤᠨ ᠬᠠᠭᠤᠳᠠᠰᠤᠨ ᠳᠡᠭᠡᠷᠡᠬᠢ ᠲᠣᠭᠲᠠᠭᠰᠠᠨ ᠴᠠᠭ᠂ ᠭᠠᠵᠠᠷ ᠲᠤ ᠰᠢᠯᠭᠠᠯᠲᠠ ᠳᠤ ᠣᠷᠣᠯᠴᠠᠨ᠎ᠠ᠃ ᠲᠤᠰ | ᠤᠳᠠᠭᠠᠨ ᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠤᠭᠤᠴᠠᠭᠠᠨ ᠳᠤ 2016 ᠣᠨ ᠤ ᠳᠡᠭᠡᠷ᠎ᠡ ᠬᠠᠭᠠᠰ ᠵᠢᠯ ᠤᠨ | ᠶᠠᠪᠤᠭᠳᠠᠬᠤ ᠰᠢᠯᠭᠠᠬᠤ ᠭᠡᠴᠢᠶᠡᠯ ᠳᠤ ᠪᠠᠶᠢᠳᠠᠯ ᠢ ᠣᠶᠢᠯᠠᠭᠠᠬᠤ ᠨᠡᠷ᠎ᠡ ᠮᠡᠳᠡᠭᠦᠯᠬᠦ ᠪᠣᠯᠣᠨ᠎ᠠ᠂ ᠰᠢᠯᠭᠠᠭᠤᠯᠤᠭᠰᠠᠳ | ᠥᠪᠡᠷ ᠤᠨ ᠲᠤᠰᠬᠠᠢ ᠮᠡᠷᠭᠡᠵᠢᠯ ᠢᠶᠠᠨ ᠦᠨᠳᠦᠰᠦᠯᠡᠵᠦ ᠰᠣᠩᠭᠤᠨ ᠮᠡᠳᠡᠭᠦᠯᠬᠦ ᠴᠢᠬᠤᠯᠠᠲᠠᠢ ᠪᠥᠭᠡᠳ ᠰᠢᠯᠭᠠᠬᠤ | ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠬᠤ ᠳᠤ ᠳᠥᠭᠦᠮ ᠦᠵᠡᠭᠦᠯᠦᠨ᠎ᠡ᠂ ᠬᠠᠮᠤᠭ ᠡᠴᠦᠰ ᠤᠨ ᠰᠢᠯᠭᠠᠬᠤ | ᠭᠡᠴᠢᠶᠡᠯ ᠢ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠲᠥᠯᠥᠪᠯᠡᠭᠡ ᠪᠠᠷ | ᠪᠠᠷᠢᠮᠵᠢᠶ᠎ᠡ ᠪᠣᠯᠭᠠᠨ᠎ᠠ᠃ |