ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠵᠦᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠩᠬᠠᠨ  ᠤ ᠬᠢᠨᠠᠯᠲᠠ ᠶᠢᠨ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2015/5/14
     ᠨᠢᠭᠡ᠂ ᠠᠵᠤ ᠠᠬᠤᠶᠢᠯᠠᠯ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ      ᠠᠵᠤ ᠠᠬᠤᠶᠢᠯᠠᠯ ᠤᠨ ᠲᠤᠰᠢᠶᠠᠬᠤ ᠭᠤᠶᠤᠴᠢᠯᠠᠯ ᠤᠨ ᠮᠠᠲ᠋ᠧᠷᠢᠶᠠᠯ ᠳᠤ ᠳᠣᠣᠷᠠᠬᠢ ᠵᠦᠢᠯ ᠤᠳ ᠪᠠᠭᠲᠠᠨ᠎ᠠ᠄      1᠂ ᠭᠤᠶᠤᠴᠢᠯᠠᠯ ᠤᠨ ᠪᠢᠴᠢᠭ ︵ᠭᠤᠣᠯ ᠠᠭᠤᠯᠭ᠎ᠠ ᠳᠤ ᠡᠷᠬᠢᠯᠡᠨ ᠪᠠᠶᠢᠭᠤᠯᠤᠭᠰᠠᠨ ᠠᠵᠤ ᠠᠬᠤᠶᠢᠯᠠᠯ ᠤᠨ ᠨᠡᠷᠡᠶᠢᠳᠦᠯ᠂ ᠳᠠᠩᠰᠠᠯᠠᠭᠤᠯᠤᠭᠰᠠᠨ ᠬᠥᠷᠥᠩᠭᠡ᠂ ᠪᠡᠯᠡ ᠣᠷᠤᠭᠤᠯᠤᠯᠲᠠ ᠶᠢᠨ ᠵᠣᠭᠤᠰᠣᠨ ᠤ ᠲᠤᠭ᠎ᠠ ᠂ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠬᠤᠭᠤᠴᠠᠭ᠎ᠠ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠰᠲ᠋ᠣᠺ ᠤᠨ ᠡᠷᠬᠡ ᠶᠢᠨ ᠪᠥᠲᠦᠴᠡ ᠵᠡᠷᠭᠡ ᠶᠢ ᠪᠠᠭᠲᠠᠭᠠᠨ᠎ᠠ︶︔      2᠂ ᠬᠢᠯᠢ ᠶᠢᠨ ᠭᠠᠳᠠᠨᠠᠬᠢ ᠠᠵᠤ ᠠᠬᠤᠶᠢᠯᠠᠯ ᠤᠨ ᠳᠤᠮᠳᠠᠲᠤ ᠶᠢᠨ ᠲᠠᠯ᠎ᠠ᠂ ᠭᠠᠳᠠᠭᠠᠳᠤ ᠶᠢᠨ ᠲᠠᠯ᠎ᠠ ᠬᠠᠮᠲᠤᠷᠠᠨ ᠡᠵᠡᠩᠨᠡᠬᠦ ᠭᠡᠷ᠎ᠡ ᠪᠣᠶᠤ ᠵᠦᠪᠯᠡᠯᠴᠡᠭᠡᠷ︔      3᠂ ᠬᠢᠯᠢ ᠶᠢᠨ ᠭᠠᠳᠠᠨᠠᠬᠢ ᠠᠵᠤ ᠠᠬᠤᠶᠢᠯᠠᠯ ᠤᠨ ᠳᠤᠮᠳᠠᠲᠤ ᠶᠢᠨ ᠠᠵᠤ ᠠᠬᠤᠶᠢᠯᠠᠯ ᠤᠨ ᠬᠤᠭᠤᠷᠤᠨᠳᠤᠬᠢ ᠵᠦᠪᠯᠡᠯᠴᠡᠭᠡᠷ︔      4᠂ ᠬᠢᠯᠢ ᠶᠢᠨ ᠭᠠᠳᠠᠨᠠᠬᠢ ᠠᠵᠤ ᠠᠬᠤᠶᠢᠯᠠᠯ ᠤᠨ ᠳᠦᠷᠢᠮ︔      5᠂ ᠭᠠᠳᠠᠭᠠᠳᠤ ᠭᠤᠪᠢᠭᠤᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠵᠦ ᠥᠭᠭᠦᠭᠰᠡᠨ ᠬᠢᠯᠢ ᠶᠢᠨ ᠭᠠᠳᠠᠨ᠎ᠠ ᠪᠡᠯᠡ ᠣᠷᠤᠭᠤᠯᠬᠤ ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠶᠢᠨ ᠢᠷᠡᠯᠲᠡ ᠶᠢ ᠬᠢᠨᠠᠨ ᠪᠠᠶᠢᠴᠠᠭᠠᠭᠰᠠᠨ ᠰᠠᠨᠠᠯ ︵ᠭᠤᠪᠢᠭᠤᠯᠭ᠎ᠠ ᠬᠤᠳᠠᠯᠳᠤᠨ ᠠᠪᠬᠤ ᠪᠣᠶᠤ ᠬᠢᠯᠢ ᠶᠢᠨ ᠳᠣᠲᠣᠷ᠎ᠠ ᠠᠴᠠ ᠭᠠᠳᠠᠭᠠᠳᠤ ᠭᠤᠪᠢᠭᠤᠯᠤᠯᠭ᠎ᠠ ᠭᠤᠪᠢᠭᠤᠯᠬᠤ︶︔      6᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠠᠵᠤ ᠠᠬᠤᠢ ᠶᠢᠨ ᠬᠤᠳᠠᠯᠳᠤᠭᠠᠨ ᠤ ᠶᠠᠪᠤᠳᠠᠯ ᠤᠨ ᠵᠦᠪᠯᠡᠭᠴᠢ ᠶᠢᠨ ᠭᠠᠵᠠᠷ ︵ᠭᠡᠷ︶ ᠤᠨ ᠰᠠᠨᠠᠯ ︵ᠵᠦᠪᠬᠡᠨ ᠲᠥᠪ ᠤᠨ ᠠᠵᠤ ᠠᠬᠤᠶᠢᠯᠠᠯ ᠳᠤ ᠬᠠᠨᠳᠤᠭᠤᠯᠪᠠ︶︔      7᠂ ᠪᠡᠯᠡ ᠣᠷᠤᠭᠤᠯᠤᠯᠲᠠ ᠶᠢᠨ ᠪᠡᠶᠡᠴᠢ ᠴᠣᠭᠴᠠ ᠶᠢᠨ ᠡᠵᠡᠩᠨᠡᠯᠲᠡ ᠶᠢᠨ ᠦᠨᠡᠮᠯᠡᠯ ︵ᠳᠡᠳ᠋ ᠳᠡᠪᠲᠡᠷ︶︔      8᠂ ᠭᠠᠳᠠᠭᠠᠳᠤ ᠶᠢᠨ ᠲᠠᠯ᠎ᠠ ᠶᠢᠨ ᠣᠷᠴᠢᠨ ᠠᠬᠤᠢ ᠶᠢᠨ ᠪᠠᠶᠢᠳᠠᠯ᠂ ᠭᠠᠳᠠᠭᠠᠳᠣ ᠶᠢᠨ ᠲᠠᠯ᠎ᠠ ᠶᠢᠨ ᠬᠥᠷᠥᠩᠭᠡ ᠢᠲᠡᠬᠡᠮᠵᠢ ᠶᠢᠨ ᠭᠡᠷᠡᠴᠢ ︵ᠬᠢᠲᠠᠳ ᠬᠡᠯᠡ ᠭᠠᠳᠠᠭᠠᠳᠤ ᠬᠡᠯᠡ ᠬᠠᠪᠰᠤᠷᠭᠠᠭᠰᠠᠨ︶︔        9᠂ ᠭᠠᠳᠠᠭᠰᠢ ᠲᠣᠮᠢᠯᠠᠭᠰᠠᠨ ᠠᠵᠢᠯᠲᠠᠨ ᠤ ᠪᠦᠷᠢᠯᠳᠦᠴᠡ ᠪᠣᠯᠣᠨ ᠬᠢᠯᠢ ᠶᠢᠨ ᠭᠠᠳᠠᠨᠠᠬᠢ ᠠᠵᠤ ᠠᠬᠤᠶᠢᠯᠠᠯ ᠤᠨ ᠬᠠᠦᠯᠢ  ᠶᠢᠨ ᠡᠷᠬᠡᠲᠡᠨ ᠤ ᠲᠥᠯᠦᠭᠡᠯᠡᠭᠴᠢ ᠶᠢᠨ ᠲᠣᠪᠴᠢ ᠨᠠᠮᠲᠠᠷ︔      10᠂ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠬᠡᠷᠡᠭ ᠮᠡᠳᠡᠭᠴᠢᠳ ᠤᠨ ᠵᠦᠪᠯᠡᠯ ᠤᠨ ᠰᠢᠢᠳᠪᠦᠷᠢ︔      11᠂ ᠭᠠᠳᠠᠭᠠᠳᠤ ᠠᠷᠠᠯᠵᠢᠶ᠎ᠡ ᠡᠵᠡᠩᠨᠡᠭᠴᠢ ᠶᠢᠨ ᠪᠦᠷᠢᠳᠬᠡᠭᠦᠯᠦᠨ ᠳᠠᠩᠰᠠᠯᠠᠭᠤᠯᠤᠭᠰᠠᠨ ᠬᠥᠰᠥᠨᠥᠭᠲᠦ︔      12᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠷᠥᠯ ᠵᠦᠢᠯ ᠳᠤ ︽ᠬᠢᠯᠢ ᠶᠢᠨ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠦᠷᠢᠳᠬᠡᠯ ᠤᠨ ᠬᠥᠰᠥᠨᠥᠭᠲᠦ︾ ᠶᠢ ᠲᠤᠰᠢᠶᠠᠨ᠎ᠠ︔      13᠂ ᠤᠯᠤᠰ ᠤᠨ ᠥᠮᠴᠢᠯᠡᠯᠲᠦ ᠬᠥᠷᠥᠩᠭᠡ ᠶᠢᠨ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠳᠤ ᠬᠤᠯᠪᠤᠭᠳᠠᠭᠰᠠᠨ ᠲᠥᠷᠥᠯ ᠵᠦᠢᠯ ᠪᠣᠯ ᠤᠯᠤᠰ ᠤᠨ ᠥᠮᠴᠢᠯᠡᠯ ᠤᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠨ ᠪᠠᠶᠢᠴᠠᠭᠠᠭᠰᠠᠨ ᠰᠠᠨᠠᠯ ᠪᠠᠶᠢᠬᠤ ᠬᠡᠷᠡᠭᠲᠡᠢ︔      14᠂ ᠬᠠᠮᠢᠶ᠎ᠡ ᠪᠥᠬᠦᠢ ᠬᠢᠷᠢ ᠬᠡᠮ ᠪᠣᠶᠤ ᠬᠢᠷᠢ ᠴᠢᠳᠠᠮᠵᠢ ᠶᠢᠨ ᠭᠡᠷᠡᠴᠢ︔      15᠂ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠨ ᠱᠠᠭᠠᠷᠳᠠᠭᠰᠠᠨ ᠪᠣᠰᠤᠳ ᠮᠠᠲ᠋ᠧᠷᠢᠶᠠᠯ︔      16᠂ ᠬᠢᠯᠢ ᠶᠢᠨ ᠭᠠᠳᠠᠨ᠎ᠠ ᠮᠠᠲ᠋ᠧᠷᠢᠶᠠᠯ ᠠᠪᠠᠴᠢᠨ ᠡᠳ᠋ᠰᠢᠭᠦᠯᠬᠦ ᠠᠵᠤ ᠠᠬᠤᠶᠢᠯᠠᠯ ᠨᠢ ᠪᠠᠰᠠ ᠪᠡᠯᠡ ᠣᠷᠤᠭᠤᠯᠤᠯᠲᠠ ᠶᠢᠨ ᠪᠡᠶᠡᠴᠢ ᠴᠤᠭᠴᠠ ᠶᠢᠨ ᠳᠡᠭᠡᠷ᠎ᠡ ᠨᠢᠭᠡ ᠣᠨ ᠤ ᠡᠳ᠋ ᠤᠨ ᠵᠠᠰᠠᠭ ᠤᠨ ᠮᠡᠳᠡᠭᠦᠯᠦᠯᠲᠡ ᠵᠢᠴᠢ ᠳᠠᠩᠰᠠᠯᠠᠭᠤᠯᠤᠭᠰᠠᠨ ᠨᠢᠭᠲᠠᠯᠠᠨ ᠪᠣᠳᠣᠬᠤ ᠭᠠᠵᠠᠷ ᠬᠢᠵᠦ ᠥᠭᠭᠦᠭᠰᠡᠨ ᠬᠢᠨᠠᠨ ᠪᠣᠳᠣᠭᠰᠠᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠢ᠃      ᠬᠤᠶᠠᠷ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠡ ᠭᠤᠶᠣᠴᠢᠯᠠᠯ ᠤᠨ ᠮᠠᠲ᠋ᠧᠷᠢᠶᠠᠯ ᠢ ᠣᠯᠣᠭᠰᠠᠨ  ᠤ ᠬᠤᠶᠢᠨ᠎ᠠ᠂  ᠭᠤᠶᠣᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠣᠯ 3 ᠠᠵᠢᠯᠯᠠᠬᠤ ᠡᠳᠦᠷ ᠤᠨ ᠳᠣᠲᠣᠷ᠎ᠠ ᠭᠤᠶᠣᠴᠢᠯᠠᠭᠴᠢ ᠳᠤ ᠨᠥᠬᠦᠪᠦᠷᠢᠯᠡᠵᠦ ᠵᠠᠯᠠᠷᠠᠭᠤᠯᠬᠤ ᠶᠣᠰᠤᠲᠠᠢ ᠪᠥᠬᠦ ᠠᠭᠤᠯᠭ᠎ᠠ ᠶᠢ ᠨᠢᠭᠡ ᠤᠳᠠᠭ᠎ᠠ ᠳᠤ ᠮᠡᠳᠡᠭᠳᠡᠨ᠎ᠡ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠮᠡᠳᠡᠭᠳᠡᠭᠰᠡᠨ ᠦᠭᠡᠢ ᠪᠣᠯ᠂ ᠭᠤᠶᠣᠴᠢᠯᠠᠯ ᠤᠨ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠭᠤᠶᠣᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠣᠶᠤ ᠭᠤᠶᠣᠴᠢᠯᠠᠭᠴᠢ ᠨᠢ ᠱᠠᠭᠠᠷᠳᠠᠯᠭ᠎ᠠ ᠶᠣᠰᠤᠭᠠᠷ ᠭᠤᠶᠣᠴᠢᠯᠠᠯ ᠤᠨ ᠮᠠᠲ᠋ᠧᠷᠢᠶᠠᠯ ᠢ ᠨᠥᠬᠦᠪᠦᠷᠢᠯᠡᠭᠰᠡᠨ ᠪᠣᠯ ᠬᠦᠯᠢᠶᠡᠨ ᠠᠪᠴᠤ ᠰᠢᠢᠳᠪᠦᠷᠢᠯᠡᠨ᠎ᠡ᠃ ᠬᠦᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠠᠩᠬᠠᠨ ᠤ ᠬᠢᠨᠠᠯᠲᠠ ᠶᠢᠨ ᠰᠠᠨᠠᠯ ᠳᠤᠷᠠᠳᠬᠤ ᠶᠢᠨ ᠬᠠᠮᠲᠤ ᠠᠵᠤ ᠠᠬᠤᠶᠢᠯᠠᠯ ᠤᠨ ᠲᠤᠰᠢᠶᠠᠭᠰᠠᠨ ᠮᠠᠲ᠋ᠧᠷᠢᠶᠠᠯ ᠪᠠ ᠠᠩᠬᠠᠨ ᠤ ᠬᠢᠨᠠᠯᠲᠠ ᠶᠢᠨ ᠰᠠᠨᠠᠯ ᠢ ᠬᠠᠮᠲᠤ ᠳᠤᠨᠢ ᠳᠡᠭᠡᠷ᠎ᠡ ᠱᠠᠲᠤᠨ  ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠲᠤ ᠳᠠᠮᠵᠢᠭᠤᠯᠤᠨ ᠮᠡᠳᠡᠭᠦᠯᠦᠨ᠎ᠡ᠃          ᠯᠠᠪᠯᠠᠬᠤ ᠮᠠᠲ᠋ᠧᠷᠢᠶᠠᠯ᠄ ︽ᠬᠢᠯᠢ ᠶᠢᠨ ᠭᠠᠳᠠᠨ᠎ᠠ ᠪᠡᠯᠡ ᠣᠷᠤᠭᠤᠯᠵᠤ ᠡᠷᠬᠢᠯᠡᠬᠦ ᠠᠵᠤ ᠠᠬᠤᠶᠢᠯᠠᠯ ᠢ ᠬᠢᠨᠠᠨ ᠵᠦᠪᠰᠢᠶᠡᠷᠡᠬᠦ ᠶᠠᠪᠤᠳᠠᠯ ᠤᠨ ᠲᠤᠬᠠᠢ ᠲᠣᠭᠲᠠᠭᠠᠯ︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ 2004 ᠣᠨ ᠤ 16 ᠳ᠋ᠤᠭᠠᠷ ᠲᠣᠭᠠᠲᠤ︶᠂ ︽ᠬᠢᠯᠢ ᠶᠢᠨ ᠭᠠᠳᠠᠨ᠎ᠠ ᠮᠠᠲ᠋ᠧᠷᠢᠶᠠᠯ ᠠᠪᠠᠴᠢᠨ ᠡᠳ᠋ᠰᠢᠭᠦᠯᠦᠨ ᠲᠣᠨᠣᠭᠯᠠᠬᠤ ᠲᠥᠷᠥᠯ ᠵᠦᠢᠯ ᠢ ᠮᠡᠳᠡᠭᠦᠯᠬᠦ ᠳᠡᠰ ᠳᠠᠷᠠᠭᠠᠯᠠᠯ ᠪᠣᠯᠣᠨ ᠬᠤᠯᠪᠤᠭᠳᠠᠯ ᠪᠥᠬᠦᠢ ᠶᠠᠪᠤᠳᠠᠯ ᠤᠨ ᠲᠤᠬᠠᠢ ᠮᠡᠳᠡᠭᠳᠡᠯ︾ ︵1999 ᠣᠨ ᠭᠤᠶᠣᠴᠢᠯᠠᠨ ᠭᠠᠳᠠᠭᠠᠳᠤ ᠠᠵᠤ ᠠᠬᠤᠢ ᠠᠷᠠᠯᠵᠢᠶ᠎ᠡ ᠵᠠᠰᠠᠭ ᠲᠠᠷᠬᠠᠭᠠᠭᠰᠠᠨ 263 ᠳ᠋ᠤᠭᠠᠷ ᠲᠣᠭᠠᠲᠤ︶᠂ ︽ᠬᠢᠯᠢ ᠶᠢᠨ ᠭᠠᠳᠠᠨ᠎ᠠ ᠮᠠᠲ᠋ᠧᠷᠢᠶᠠᠯ ᠠᠪᠠᠴᠢᠨ ᠡᠳ᠋ᠰᠢᠭᠦᠯᠦᠨ ᠲᠣᠨᠣᠭᠯᠠᠬᠤ ᠲᠥᠷᠥᠯ ᠵᠦᠢᠯ  ᠤᠨ ᠰᠠᠨᠠᠭᠤᠯᠭ᠎ᠠ ᠶᠢᠨ ᠪᠢᠴᠢᠭ ᠪᠠ ᠪᠣᠯᠣᠮᠵᠢᠲᠦ ᠴᠢᠨᠠᠷᠲᠠᠢ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠬᠤ ᠶᠢᠨ ᠬᠤᠯᠪᠤᠭᠳᠠᠯ ᠪᠥᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠤᠯᠤᠰ ᠤᠨ ᠠᠵᠤ ᠠᠬᠤᠢ ᠠᠷᠠᠯᠵᠢᠶ᠎ᠡ ᠶᠢᠨ ᠲᠢᠩᠬᠢᠮ ᠤᠨ ᠭᠠᠳᠠᠭᠠᠳᠤ ᠠᠷᠠᠯᠵᠢᠶ᠎ᠡ ﹇1999﹈ 344 ᠳ᠋ᠣᠭᠡᠷ ᠲᠣᠭᠠᠲᠤ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号