ᠪᠦᠬᠦ ᠤᠷᠤᠨ ᠤ ᠭᠠᠴᠠᠭ᠎ᠠ ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/5/22
     5 ᠳ᠋ᠤᠭᠠᠷ ᠰᠠᠷ᠎ᠠ ᠶᠢᠨ 20 ᠎ ᠤ ᠡᠲᠦᠷ᠂ ᠪᠦᠬᠦ ᠤᠷᠤᠨ  ᠤ ᠭᠠᠴᠠᠭ᠎ᠠ ᠲᠤᠰᠬᠤᠨ  ᠤ ᠵᠦᠪᠯᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠤᠬᠢᠷᠠᠭᠤᠯᠤᠯᠲᠠ ᠶᠢᠨ ᠬᠤᠷᠠᠯ ᠬᠦᠬᠡᠬᠤᠲᠠ ᠳᠤ ᠬᠤᠷᠠᠯᠲᠤᠵᠠᠢ᠃ ᠬᠤᠷᠠᠯ ᠠᠴᠠ ᠭᠠᠴᠠᠭ᠎ᠠ ᠲᠤᠰᠬᠤᠨ  ᠤ ᠨᠠᠮ  ᠤᠨ ᠵᠤᠬᠢᠶᠠᠠ ᠪᠠᠶᠢᠭᠤᠯᠤᠯᠲᠠ  ᠶᠢᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ  ᠤᠨ ᠠᠮᠵᠢᠯᠲᠠ ᠲᠠᠢ ᠲᠤᠷᠰᠢᠯᠭ᠎ᠠ  ᠶᠢ ᠳ᠋ᠦᠩᠨᠡᠵᠦ᠂ ᠡᠯ᠎ᠠ ᠠᠶᠢᠮᠠᠭ ᠬᠤᠲᠠ ᠎ ᠶᠢᠨ ᠭᠠᠴᠠᠭ᠎ᠠ ᠲᠤᠰᠬᠤᠨ  ᠤ ᠵᠦᠪᠯᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ  ᠤᠨ ᠬᠠᠷᠢᠭᠤ ᠮᠡᠲᠡᠭᠦᠯᠦᠯᠲᠡ  ᠶᠢ ᠨᠠᠷᠢᠨ ᠬᠢᠨᠠᠮᠠᠭᠠᠢ ᠰᠤᠨᠤᠰᠤᠭᠰᠠᠠ ᠪᠦᠭᠡᠳ ᠲᠠᠷᠠᠭᠠᠴᠢ  ᠶᠢᠨ ᠠᠵᠢᠯ ᠢ ᠪᠠᠶᠢᠷᠢᠯᠠᠭᠤᠯᠵᠠᠢ᠃      ᠬᠤᠷᠠᠯ ᠠᠴᠠ᠂ ᠭᠠᠴᠠᠭ᠎ᠠ ᠲᠤᠰᠬᠤᠨ  ᠤ ᠵᠦᠪᠯᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ ᠪᠤᠯ ᠦᠨᠲᠦᠰᠦᠨ ᠱᠠᠲᠤᠨ  ᠤ ᠵᠤᠬᠢᠶᠠᠠ ᠪᠠᠶᠢᠭᠤᠯᠤᠯᠲᠠ  ᠶᠢᠨ ᠴᠤᠭᠴᠠᠯᠠᠯᠲᠠ  ᠶᠢ ᠴᠢᠩᠭᠠᠳᠬᠠᠵᠦ᠂ ᠦᠨᠲᠦᠰᠦᠠ ᠱᠠᠲᠤᠨ  ᠤ ᠠᠷᠠᠳᠴᠢᠯᠠᠯ  ᠢ ᠪᠠᠲᠠᠷᠠᠭᠤᠯᠬᠤ ᠴᠢᠬᠤᠯᠠ ᠠᠵᠢᠯ ᠪᠤᠯᠤᠨ᠎ᠠ᠂ ᠡᠯ᠎ᠠ ᠭᠠᠵᠠᠷ ᠤᠨ ᠬᠢᠨ ᠵᠦᠪ ᠤᠨᠤᠪᠴᠢᠲᠠᠢ ᠡᠵᠡᠮᠲᠡᠵᠦ᠂ ᠬᠤᠯᠪᠤᠭᠲᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠪᠤᠯᠤᠨ ᠲᠦᠷᠦ ᠶᠢᠨ ᠪᠤᠲᠤᠯᠭ᠎ᠠ ᠶᠢᠨ ᠱᠠᠭᠠᠷᠲᠠᠯᠭ᠎ᠠ ᠶᠢ ᠨᠠᠷᠢᠨ ᠬᠢᠨᠠᠮᠠᠭᠠᠢ ᠭᠡᠷᠡᠭᠵᠢᠭᠦᠯᠵᠦ᠂ᠬᠠᠤᠯᠢ ᠳᠤ ᠲᠤᠭᠲᠠᠭᠠᠭᠰᠠᠠ ᠲᠠᠰ ᠲᠠᠷᠠᠭᠠᠯᠠᠯ ᠢ ᠬᠤᠪᠢᠷᠠᠭᠤᠯᠬᠤ ᠦᠭᠡᠢ᠂ ᠲᠤᠭᠲᠠᠭᠠᠬᠰᠠᠠ ᠭᠤᠭᠴᠤᠭ᠎ᠠ  ᠶᠢ ᠲᠥᠬᠦᠮᠴᠢᠯᠡᠬᠦ ᠦᠭᠡᠢ᠂ ᠠᠵᠢᠯ  ᠤᠨ ᠪᠠᠷᠢᠮᠵᠢᠶ᠎ᠠ  ᠶᠢ ᠪᠠᠭᠤᠷᠠᠭᠤᠯᠬᠤ ᠦᠭᠡᠢ ᠪᠠᠶᠢᠬᠤ ᠭᠡᠷᠡᠭᠲᠡᠢ᠃ ᠬᠤᠭᠤᠴᠠᠭ᠎ᠠ ᠰᠤᠯᠢᠬᠤ ᠠᠵᠢᠯ  ᠤᠨ ᠰᠠᠬᠢᠯᠭ᠎ᠠ ᠪᠠᠲᠤ  ᠶᠢ ᠴᠢᠨᠠᠭᠰᠢᠲᠠ ᠴᠢᠩᠳᠠᠯᠠᠵᠦ᠂ ᠬᠦᠮᠦᠨ ᠰᠤᠩᠭᠤᠬᠤ ᠪᠠᠷᠢᠮᠵᠢᠶ᠎ᠠ ᠶᠢ ᠴᠢᠩᠭ᠎ᠠ ᠠᠳᠬᠤᠵᠦ᠂ ᠭᠠᠴᠠᠭ᠎ᠠ ᠲᠤᠰᠬᠤᠨ  ᠤ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ  ᠤᠨ ᠭᠤᠤᠯᠲᠠᠯᠭ᠎ᠠ ᠲᠠᠢ ᠲᠦᠪᠡᠭ ᠠᠰᠠᠭᠤᠲᠠᠯ  ᠢ ᠬᠦᠴᠤ ᠤᠷᠤᠭᠤᠯᠤᠨ ᠠᠳᠬᠤᠵᠦ᠂ ᠲᠤᠰ ᠤᠲᠠᠭ᠎ᠠ ᠶᠢᠨ ᠬᠤᠭᠤᠴᠠᠭ᠎ᠠ ᠰᠤᠯᠢᠬᠤ ᠰᠤᠩᠭᠤᠭᠤᠯᠢ  ᠶᠢ ᠬᠠᠤᠯᠢ ᠶᠤᠰᠤᠭᠠᠷ ᠲᠤᠭᠲᠠᠭᠠᠯ ᠶᠤᠰᠤᠭᠠᠷ ᠡᠮᠬᠢ ᠲᠠᠷᠠᠭ᠎ᠠ ᠲᠠᠢ ᠶᠠᠪᠤᠭᠲᠠᠭᠤᠯᠬᠤ  ᠶᠢ ᠪᠠᠲᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠤᠲᠤ ᠪᠤᠯ ᠶᠠᠭ ᠪᠦᠬᠦ ᠤᠷᠤᠨ ᠤ ᠭᠠᠴᠠᠭ᠎ᠠ ᠲᠤᠰᠬᠤᠨ  ᠤ ᠵᠦᠪᠯᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠵᠠᠩᠭᠢᠯᠠᠭ᠎ᠠ  ᠶᠢᠨ ᠴᠠᠭ ᠬᠤᠭᠤᠴᠠᠭ᠎ᠠ ᠪᠤᠯᠤᠨ᠎ᠠ᠂ ᠭᠠᠴᠠᠭ᠎ᠠ ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ  ᠤᠨ ᠵᠤᠬᠢᠶᠠᠠ ᠪᠠᠶᠢᠭᠤᠯᠤᠯᠲᠠ ᠶᠢᠨ ᠤᠲᠤᠷᠢᠲᠤᠯᠭ᠎ᠠ ᠪᠤᠯᠤᠨ ᠠᠵᠢᠯ  ᠤᠨ ᠵᠢᠯᠤᠭᠤᠲᠤᠯᠭ᠎ᠠ  ᠶᠢ ᠦᠨᠡᠡᠬᠦ ᠴᠢᠩᠭᠠᠳᠬᠠᠬᠤ ᠭᠡᠷᠡᠭᠲᠡᠢ᠃ ᠴᠢᠩᠭ᠎ᠠ ᠪᠤᠲᠠᠲᠠᠢ ᠰᠤᠯᠠᠷᠠᠭᠤᠯᠤᠯ ᠦᠭᠡᠢ ᠠᠳᠬᠤᠬᠤ  ᠶᠢ ᠪᠠᠷᠢᠮᠲᠠᠯᠠᠵᠦ᠂ ᠢᠮᠠᠭᠲᠠ ᠦᠨᠲᠦᠷ ᠲᠠᠷᠤᠯᠲᠠᠲᠦ ᠪᠠᠶᠢᠲᠠᠯ ᠢ ᠪᠠᠲᠤᠯᠠᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠠᠴᠠ ᠵᠦᠷᠢᠴᠡᠭᠰᠡᠡ ᠠᠵᠢᠯᠯᠠᠭ᠎ᠠ  ᠶᠢ ᠴᠢᠩᠭ᠎ᠠ ᠰᠡᠷᠭᠡᠶᠢᠯᠡᠵᠦ᠂ ᠴᠢᠩᠭ᠎ᠠ ᠪᠠᠶᠢᠴᠠᠭᠠᠠ ᠰᠢᠢᠳᠪᠦᠷᠢᠯᠡᠵᠦ᠂ ᠬᠤᠭᠤᠴᠠᠭ᠎ᠠ ᠰᠤᠯᠢᠬᠤ ᠠᠷᠢᠭᠤᠨ ᠴᠢᠭᠡᠴᠢ ᠤᠷᠴᠢᠨ ᠲᠤᠭᠤᠷᠢᠨ ᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ᠋ᠢᠯᠡ ᠭᠠᠴᠠᠭ᠎ᠠ ᠲᠤᠰᠬᠤᠨ ᠤ ᠨᠠᠮ  ᠤᠨ ᠡᠬᠦᠷ ᠠᠷᠠᠳ  ᠤᠨ ᠵᠦᠪᠯᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ  ᠢ 9 ᠰᠠᠷ᠎ᠠ  ᠶᠢᠨ ᠰᠡᠬᠦᠯᠴᠢ ᠠᠴᠠ ᠡᠮᠦᠨ᠎ᠠ ᠲᠡᠭᠦᠰ ᠠᠮᠵᠢᠯᠲᠠ ᠲᠠᠢ ᠲᠠᠭᠤᠰᠬᠠᠬᠤ ᠬᠡᠷᠡᠭᠲᠡᠢ ᠬᠡᠵᠦ ᠴᠢᠬᠤᠯᠠᠴᠢᠯᠠᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号