ᠠᠷᠠᠳ ᠤᠨ ᠬᠢᠨᠠᠯᠲᠠ ᠲᠠᠯᠪᠢᠭᠴᠢ ᠶᠢᠨ ᠳᠦᠷᠢᠮ ᠤᠨ ᠦᠭᠡᠷᠡᠴᠢᠯᠡᠯᠲᠡ ᠶᠢᠨ ᠲᠤᠬᠠᠢ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠳᠦᠷᠪᠡᠳᠥᠭᠡᠷ ᠪᠦᠭᠦᠳᠡ ᠬᠤᠷᠠᠯ ᠤᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠥᠷᠢᠵᠢᠭᠤᠯᠵᠦ᠂ ᠬᠠᠤᠯᠢ ᠪᠠᠷᠢᠬᠤ ᠳᠤ ᠠᠷᠠᠳ ᠣᠯᠠᠨ ᠤ ᠡᠮᠬᠢ ᠵᠢᠷᠤᠮ | ᠲᠠᠢ ᠪᠠᠷ ᠣᠷᠣᠯᠴᠠᠬᠤ ᠠᠷᠭ᠎ᠠ ᠵᠠᠮ ᠢ ᠦᠷᠭᠡᠵᠢᠭᠦᠯᠥᠨ᠂ ᠪᠠᠶᠢᠴᠠᠭᠠᠬᠤ ᠡᠷᠬᠡ ᠢᠯᠠᠩᠭᠤᠶ᠎ᠠ ᠲᠤᠰᠢᠶᠠᠯ ᠢᠶᠠᠨ | ᠠᠰᠢᠭᠯᠠᠨ ᠶᠠᠯ᠎ᠠ ᠬᠢᠭᠰᠡᠨ ᠢ ᠲᠤᠷᠰᠢᠨ ᠪᠠᠶᠢᠴᠠᠭᠠᠬᠤ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠦ | ᠬᠢᠵᠠᠭᠠᠷᠯᠠᠬᠤ ᠶᠢ ᠴᠢᠩᠭᠠᠳᠬᠠᠵᠦ᠂ ᠪᠠᠶᠢᠴᠠᠭᠠᠬᠤ ᠠᠵᠢᠯ ᠤᠨ ᠲᠤᠩᠭᠠᠴᠠ ᠪᠠ ᠬᠠᠤᠯᠢ ᠪᠠᠷᠢᠬᠤ ᠶᠢᠨ ᠣᠯᠠᠨ | ᠨᠡᠶᠢᠲᠡ ᠶᠢ ᠢᠲᠡᠭᠡᠭᠦᠯᠬᠦ ᠬᠦᠴᠥᠨ ᠢ ᠳᠡᠭᠡᠭᠰᠢᠯᠡᠭᠦᠯᠬᠦ ᠶᠢᠨ ᠲᠤᠰᠠᠳᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ | ᠂ ᠬᠠᠤᠯᠢ ᠴᠠᠭᠠᠵᠠ ᠶᠢᠨ ᠶᠠᠮᠤᠨ ᠤ ︽ᠠᠷᠠᠳ ᠤᠨ ᠬᠢᠨᠠᠯᠲᠠ ᠲᠠᠯᠪᠢᠭᠴᠢ ᠶᠢᠨ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠦᠰᠥᠯ︾ ᠪᠣᠯᠣᠨ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ | ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ ᠤᠨ ︽ᠠᠷᠠᠳ ᠤᠨ ᠬᠢᠨᠠᠯᠲᠠ ᠲᠠᠯᠪᠢᠭᠴᠢ ᠶᠢᠨ | ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠦᠰᠥᠯ︾ ᠤᠨ ᠱᠠᠭᠠᠷᠳᠠᠯᠭ᠎ᠠ ᠶᠢ | ᠦᠨᠳᠥᠰᠥᠯᠡᠨ᠂ ᠪᠦᠬᠦ ᠣᠷᠣᠨ ᠤ ᠬᠡᠪᠴᠢᠶᠡᠨ ᠳᠤ ᠨᠡᠶᠢᠭᠡᠮ ᠳᠤ ᠬᠠᠨᠳᠤᠭᠤᠯᠤᠨ ᠦᠪᠡᠷᠳᠡᠭᠡᠨ ᠵᠠᠰᠠᠬᠤ ᠣᠷᠣᠨ ᠤ | ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠷᠠᠳ ᠤᠨ ᠬᠢᠨᠠᠯᠲᠠ ᠲᠠᠯᠪᠢᠭᠴᠢ ᠶᠢ ᠢᠯᠡ ᠪᠠᠷ ᠰᠤᠩᠭᠤᠨ ᠲᠣᠮᠢᠯᠠᠬᠤ ᠪᠠᠷ | ᠲᠣᠭᠲᠠᠪᠠ᠃ ᠡᠳᠥᠭᠡ ᠬᠤᠯᠪᠤᠭᠳᠠᠯ ᠪᠦᠬᠦᠢ ᠵᠦᠢᠯ ᠢ ᠳᠣᠣᠷᠠᠬᠢ ᠮᠡᠲᠦ ᠠᠯᠪᠠᠨ ᠳᠤ ᠵᠠᠷᠯᠠᠪᠠ᠄ | ᠨᠢᠭᠡ᠂ ᠠᠷᠠᠳ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ | ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠷᠠᠳ ᠤᠨ ᠬᠢᠨᠠᠯᠲᠠ | ᠲᠠᠯᠪᠢᠭᠴᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠪᠠᠭ᠎ᠠ ᠲᠦᠷᠭᠡᠨ ᠭᠤᠣᠯ ᠭᠠᠵᠠᠷ | ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠪᠤᠬ᠎ᠠ ᠶᠢᠨ ᠵᠣ ᠭᠠᠵᠠᠷ ᠣᠷᠣᠨ ᠤ ᠠᠷᠠᠳ ᠤᠨ ᠪᠠᠶᠢᠴᠠᠭᠠᠬᠤ | ᠬᠤᠷᠢᠶ᠎ᠠ᠂ ᠲᠠᠮᠥᠷ ᠵᠠᠮ ᠤᠨ ᠲᠡᠭᠡᠭᠡᠪᠥᠷᠢ ᠶᠢᠨ ᠠᠷᠠᠳ ᠤᠨ ᠪᠠᠶᠢᠴᠠᠭᠠᠬᠤ ᠬᠤᠪᠢᠶᠠᠷᠢ ᠬᠤᠷᠢᠶ᠎ᠠ ᠬᠢᠭᠡᠳ ᠬᠠᠷᠢᠶ᠎ᠠ | ᠪᠦᠬᠦᠢ ᠬᠦᠬᠡᠬᠤᠲᠠ᠂ ᠪᠤᠭᠤᠲᠦ᠂ ᠵᠢᠨᠢᠩ ᠲᠡᠮᠥᠷ ᠵᠠᠮ ᠤᠨ ᠲᠡᠭᠡᠭᠡᠪᠥᠷᠢ ᠶᠢᠨ ᠠᠷᠠᠳ ᠤᠨ ᠪᠠᠶᠢᠴᠠᠭᠠᠬᠤ | ᠬᠤᠷᠢᠶ᠎ᠠ ᠶᠢᠨ ᠰᠢᠢᠳᠪᠥᠷᠢᠯᠡᠬᠦ ᠬᠡᠷᠡᠭ ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠠᠷᠠᠳ ᠤᠨ ᠬᠢᠨᠠᠯᠲᠠ ᠲᠠᠯᠪᠢᠭᠴᠢ ᠠᠷᠠᠳ ᠤᠨ ᠪᠠᠶᠢᠴᠠᠭᠠᠬᠤ ᠬᠤᠷᠢᠶ᠎ᠠ ᠶᠢᠨ ᠰᠢᠢᠳᠪᠥᠷᠢᠯᠡᠭᠰᠡᠨ | ᠰᠢᠭᠤᠳ ᠬᠦᠯᠢᠶᠡᠨ ᠠᠪᠴᠦ ᠬᠡᠷᠡᠭ ᠳᠠᠩᠰᠠᠯᠠᠵᠦ ᠲᠤᠷᠰᠢᠨ ᠪᠠᠶᠢᠴᠠᠭᠠᠬᠰᠠᠨ ᠬᠡᠷᠡᠭ ᠤᠨ ᠳᠣᠣᠷ᠎ᠠ ᠵᠢᠭᠰᠠᠭᠠᠭᠰᠠᠨ | ᠪᠠᠶᠢᠳᠠᠯ ᠳᠤ ᠬᠢᠨᠠᠯᠲᠠ ᠲᠠᠯᠪᠢᠬᠤ ᠶᠢ ᠶᠠᠪᠤᠭᠤᠯᠤᠨ᠎ᠠ᠄ | 1. ᠬᠡᠷᠡᠭ ᠳᠠᠩᠰᠠᠯᠠᠬᠤ ᠶᠣᠰᠤᠲᠠᠢ ᠪᠠᠶᠢᠲᠠᠯ᠎ᠠ ᠬᠡᠷᠡᠭ ᠳᠠᠩᠰᠠᠯᠠᠭᠰᠠᠨ ᠦᠭᠡᠢ ᠪᠤᠶᠤ ᠬᠡᠷᠡᠭ | ᠳᠠᠩᠰᠠᠯᠠᠬᠤ ᠶᠣᠰᠦ ᠦᠭᠡᠢ ᠪᠠᠶᠢᠲᠠᠯ᠎ᠠ ᠬᠡᠷᠡᠭ ᠪᠣᠯᠭᠠᠨ ᠳᠠᠩᠰᠠᠯᠠᠭᠰᠠᠨ︔ | 2. ᠬᠤᠭᠤᠴᠠᠭ᠎ᠠ ᠠᠴᠠ ᠬᠡᠲᠥᠷᠡᠲᠡᠯ᠎ᠡ ᠬᠤᠷᠢᠭᠰᠠᠨ ᠪᠤᠶᠤ ᠪᠠᠶᠢᠴᠠᠭᠠᠬᠤ ᠪᠠᠶᠢᠭᠤᠯᠭ᠎ᠠ ᠶᠢᠨ ᠬᠤᠷᠢᠬᠤ | ᠬᠤᠭᠤᠴᠠᠭ᠎ᠠ ᠶᠢ ᠤᠷᠲᠤᠳᠬᠠᠬᠤ ᠲᠣᠭᠲᠠᠭᠠᠯ ᠨᠢ ᠵᠦᠪ ᠪᠣᠰᠦ ᠪᠠᠶᠢᠬᠤ︔ | 3. ᠬᠠᠤᠯᠢ ᠠᠴᠠ ᠵᠦᠷᠢᠴᠡᠨ ᠨᠡᠩᠵᠢᠭᠰᠡᠨ᠂ ᠬᠤᠷᠢᠭᠰᠠᠨ᠂ ᠴᠡᠪᠳᠡᠭᠯᠡᠭᠰᠡᠨ ᠪᠤᠶᠤ ᠪᠠᠷᠢᠴᠠᠭᠠᠨ ᠳᠤ | ᠦᠯᠡᠳᠡᠭᠡᠭᠰᠡᠨ᠂ ᠴᠡᠪᠳᠡᠭᠯᠡᠭᠰᠡᠨ ᠵᠣᠭᠤᠰ ᠪᠠ ᠡᠳ᠋ ᠢ ᠬᠠᠤᠯᠢ ᠠᠴᠠ ᠵᠦᠷᠢᠴᠡᠨ ᠰᠢᠢᠳᠪᠥᠷᠢᠯᠡᠭᠰᠡᠨ︔ | 4. ᠬᠡᠷᠡᠭ ᠠᠴᠠ ᠬᠠᠰᠤᠬᠤ ᠪᠠᠷ ᠪᠠᠶᠢᠭ᠎ᠠ︔ | 5. ᠵᠠᠭᠠᠯᠳᠤᠬᠤ ᠦᠭᠡᠢ ᠪᠠᠷ ᠪᠠᠶᠢᠭ᠎ᠠ︔ | 6. ᠡᠷᠡᠭᠦᠦ ᠶᠢᠨ ᠬᠡᠷᠡᠭ ᠤᠨ ᠲᠦᠯᠥᠪᠥᠷᠢ ᠦᠭᠬᠦ ᠶᠣᠰᠤᠲᠠᠢ ᠪᠠᠶᠢᠲᠠᠯ᠎ᠠ ᠬᠠᠤᠯᠢ ᠶᠣᠰᠤᠭᠠᠷ | ᠲᠦᠯᠥᠪᠥᠷᠢ ᠦᠭᠬᠦ ᠦᠭᠡᠢ ᠪᠠᠶᠢᠬᠤ︔ | 7. ᠪᠠᠶᠢᠴᠠᠭᠠᠬᠤ ᠠᠵᠢᠯᠲᠠᠳ ᠬᠡᠷᠡᠭ ᠰᠢᠳᠭᠡᠬᠦ ᠳᠤ ᠭᠤᠶᠣᠴᠢᠯᠠᠨ ᠬᠠᠤᠯᠢ ᠶᠣᠰᠦ ᠶᠢ ᠵᠦᠷᠢᠴᠡᠭᠰᠡᠨ᠂ | ᠬᠠᠭ᠋ᠤᠤᠯᠢ ᠢᠳᠡᠵᠦ ᠬᠠᠤᠯᠢ ᠶᠢ ᠵᠦᠷᠢᠴᠡᠭᠰᠡᠨ᠂ ᠡᠷᠡᠭᠦᠳᠡᠵᠦ ᠦᠴᠢᠭᠯᠡᠭᠦᠯᠥᠭᠰᠡᠨ᠂ ᠬᠦᠴᠥᠷᠬᠡᠭᠯᠡᠯ ᠢᠶᠠᠷ ᠭᠡᠷᠡᠴᠢ | ᠠᠪᠤᠭᠰᠠᠨ ᠵᠡᠷᠭᠡ ᠬᠠᠤᠯᠢ ᠰᠠᠬᠢᠯᠭ᠎ᠠ ᠠᠴᠠ ᠵᠦᠷᠢᠴᠡᠭᠰᠡᠨ ᠪᠠᠶᠢᠳᠠᠯ ᠪᠠᠶᠢᠬᠤ︔ | 8. ᠶᠠᠯ᠎ᠠ ᠬᠢᠭᠰᠡᠨ ᠰᠡᠵᠢᠭᠲᠡᠨ ᠪᠠᠷᠢᠪᠴᠢᠯᠠᠬᠤ ᠲᠣᠭᠲᠠᠭᠠᠯ ᠢ ᠵᠦᠪᠰᠢᠶᠡᠷᠡᠬᠦ ᠦᠭᠡᠢ ᠪᠠᠶᠢᠬᠤ︔ | 9. ᠣᠷᠣᠨ ᠰᠠᠭᠤᠴᠠ ᠵᠢᠭᠠᠨ ᠲᠣᠭᠲᠠᠭᠠᠨ ᠰᠠᠭᠤᠭ᠎ᠠ ᠭᠠᠵᠠᠷ ᠢ ᠨᠢ ᠬᠡᠲᠡᠬᠦ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠠᠪᠤᠭᠰᠠᠨ ᠨᠢ ᠬᠠᠤᠯᠢ ᠠᠴᠠ ᠵᠦᠷᠢᠴᠡᠭᠰᠡᠨ ︔ | 10. ᠬᠠᠤᠯᠢᠴᠢ ᠪᠤᠶᠤ ᠪᠤᠰᠤᠳ ᠵᠠᠭᠠᠯᠳᠤᠬᠤ ᠳᠤ ᠣᠷᠣᠯᠴᠠᠭᠴᠢ ᠶᠢᠨ ᠵᠠᠭᠠᠯᠳᠤᠬᠤ ᠡᠷᠬᠡ ᠪᠠᠨ | ᠬᠠᠣᠯᠢ ᠶᠣᠰᠤᠭᠠᠷ ᠭᠦᠢᠴᠡᠳᠭᠡᠬᠦ ᠶᠢ ᠬᠠᠷᠰᠢᠯᠠᠭᠰᠠᠨ︔ | 11. ᠪᠠᠲᠤᠯᠠᠭ᠎ᠠ ᠠᠪᠴᠦ ᠰᠢᠭᠦᠬᠦ ᠶᠢ ᠬᠦᠯᠢᠶᠡᠯᠭᠡᠬᠦ ᠪᠠᠲᠤᠯᠠᠭ᠎ᠠ ᠶᠢᠨ ᠮᠦᠩᠭᠦ ᠶᠢ ᠪᠤᠴᠠᠭᠠᠵᠦ ᠦᠭᠬᠦ | ᠶᠣᠰᠤᠲᠠᠢ ᠪᠠᠶᠢᠲᠠᠯ᠎ᠠ ᠪᠤᠴᠠᠭᠠᠵᠦ ᠦᠭᠭᠦᠭᠰᠡᠨ ᠦᠭᠡᠢ ᠪᠠᠶᠢᠬᠤ᠃ | ᠬᠤᠶᠠᠷ᠂ ᠰᠤᠩᠭᠤᠨ ᠲᠣᠮᠢᠯᠠᠬᠤ ᠣᠷᠣᠨ ᠲᠤᠭ᠎ᠠ | ᠲᠤᠰ ᠤᠳᠠᠭ᠎ᠠ ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠠᠷᠠᠳ ᠤᠨ ᠬᠢᠨᠠᠯᠲᠠ ᠲᠠᠯᠪᠢᠭᠴᠢ ᠶᠢ ᠨᠡᠶᠢᠲᠡ 80 ᠨᠡᠷ᠎ᠡ ᠰᠤᠩᠭᠤᠨ ᠲᠣᠮᠢᠯᠠᠨ᠎ᠠ᠃ | ᠭᠤᠷᠪᠠ᠂ ᠰᠤᠩᠭᠤᠨ ᠲᠣᠮᠢᠯᠠᠬᠤ ᠨᠦᠬᠦᠴᠡᠯ | ᠠᠷᠠᠳ ᠤᠨ ᠬᠢᠨᠠᠯᠲᠠ ᠲᠠᠯᠪᠢᠭᠴᠢ ᠬᠠᠤᠯᠢ ᠴᠠᠭᠠᠵᠠ ᠶᠢᠨ ᠦᠢᠯᠡᠰ ᠲᠤ ᠬᠠᠯᠠᠭᠤᠨ ᠰᠡᠳᠬᠢᠯ ᠲᠠᠢ | ᠪᠦᠭᠡᠳ ᠨᠡᠯᠢᠶᠡᠳ ᠦᠨᠳᠥᠷ ᠤᠯᠤᠰ ᠲᠦᠷᠦ ᠶᠢᠨ ᠬᠡᠪ ᠴᠢᠨᠠᠷ ᠢ ᠪᠦᠷᠢᠳᠥᠬᠦᠯᠥᠨ᠂ ᠦᠷᠭᠡᠨ ᠲᠡᠯᠭᠡᠷ ᠲᠦᠯᠥᠭᠡᠯᠡᠬᠦ | ᠴᠢᠨᠠᠷ ᠪᠠ ᠯᠠᠪᠳᠠᠭᠤᠨ ᠪᠠᠲᠤᠲᠠᠢ ᠣᠯᠠᠨ ᠲᠦᠮᠡᠨ ᠤ ᠰᠠᠭᠤᠷᠢ ᠲᠠᠢ ᠪᠠᠶᠢᠬᠤ ᠬᠡᠷᠡᠭᠲᠡᠢ᠃ ᠠᠷᠠᠳ ᠤᠨ ᠬᠢᠨᠠᠯᠲᠠ | ᠲᠠᠯᠪᠢᠭᠴᠢ ᠳᠣᠣᠷᠠᠬᠢ ᠨᠦᠬᠦᠴᠡᠯ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠄ | 1. ᠪᠦᠬᠦᠯᠢ ᠬᠤᠷᠢᠨ ᠭᠤᠷᠪᠠᠨ ᠨᠠᠰᠦ ᠬᠦᠷᠥᠭᠰᠡᠨ ᠪᠠᠶᠢᠵᠦ᠂ ᠪᠦᠭᠦᠳᠡ ᠨᠠᠶᠢᠷᠠᠮᠳᠠᠬᠤ ᠳᠤᠮᠳᠠᠳᠦ | ᠠᠷᠠᠳ ᠤᠯᠤᠰ ᠤᠨ ᠦᠨᠳᠥᠰᠥᠨ ᠬᠠᠤᠯᠢ ᠶᠢ ᠬᠦᠷᠢᠶᠡᠯᠡᠨ᠂ ᠬᠠᠤᠯᠢ ᠴᠠᠭᠠᠵᠠ ᠶᠢ ᠵᠢᠷᠤᠮᠯᠠᠵᠦ᠂ ᠵᠠᠩ ᠰᠤᠷᠲᠠᠯ | ᠰᠠᠶᠢᠨ᠂ ᠲᠦᠪ ᠭᠤᠣᠯᠴᠢ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠦᠨᠳᠥᠷ ᠵᠡᠷᠭᠡ ᠶᠢᠨ ᠳᠤᠮᠳᠠᠳᠦ | ᠰᠤᠷᠭᠠᠭᠤᠯᠢ ᠠᠴᠠ ᠳᠡᠭᠡᠭᠰᠢ ᠰᠤᠶᠤᠯ ᠤᠨ ᠬᠢᠷᠢ ᠬᠡᠮᠵᠢᠶ᠎ᠡ ᠲᠠᠢ ᠪᠦᠭᠡᠳ ᠡᠷᠥᠬᠡ ᠠᠮᠠ ᠶᠢᠨ ᠪᠠᠶᠢᠭ᠎ᠠ ᠭᠠᠵᠠᠷ ᠪᠣᠯᠣᠨ | ᠪᠠᠶᠢᠩᠭᠤ ᠰᠠᠭᠤᠭ᠎ᠠ ᠭᠠᠵᠠᠷ ᠨᠢ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ | ᠳᠤᠮᠳᠠᠳᠦ ᠤᠯᠤᠰ ᠤᠨ ᠡᠷᠬᠡᠲᠦ ᠠᠷᠠᠳ ᠪᠠᠶᠢᠪᠠᠯ ᠠᠷᠠᠳ ᠤᠨ ᠬᠢᠨᠠᠯᠲᠠ ᠲᠠᠯᠪᠢᠭᠴᠢ ᠶᠢᠨ ᠲᠤᠰᠢᠶᠠᠯ ᠡᠭᠦᠷᠭᠡᠯᠡᠵᠦ | ᠪᠣᠯᠤᠨ᠎ᠠ᠃ | 2. ᠡᠷᠡᠭᠦᠦ ᠰᠢᠳᠭᠡᠯ ᠣᠯᠣᠭᠰᠠᠨ ᠪᠤᠶᠤ ᠡᠷᠡᠭᠦᠦ ᠶᠢᠨ ᠬᠡᠷᠡᠭ ᠢᠶᠠᠷ ᠨᠡᠬᠡᠮᠵᠢᠯᠡᠭᠦᠯᠵᠦ ᠪᠠᠶᠢᠭ᠎ᠠ᠂ | ᠡᠰᠡᠭᠦᠯ᠎ᠡ ᠵᠠᠰᠠᠭ ᠵᠠᠬᠢᠷᠭᠠᠨ ᠢᠶᠠᠷ ᠲᠦᠷ ᠬᠤᠷᠢᠭᠤᠯᠬᠤ ᠰᠢᠳᠭᠡᠯ ᠣᠯᠣᠭᠰᠠᠨ᠂ ᠡᠰᠡᠭᠦᠯ᠎ᠡ ᠠᠵᠢᠯ ᠠᠴᠠ ᠪᠠᠨ | ᠬᠦᠭᠡᠭᠡᠭᠳᠡᠭᠰᠡᠨ᠂ ᠠᠵᠢᠯ ᠠᠴᠠ ᠪᠠᠨ ᠬᠦᠭᠡᠭᠡᠭᠳᠡᠭᠡᠳ ᠦᠯᠡᠳᠡᠭᠡᠯᠭᠡᠨ ᠬᠡᠷᠡᠭᠯᠡᠵᠦ ᠪᠠᠶᠢᠭ᠎ᠠ᠂ ᠡᠰᠡᠭᠦᠯ᠎ᠡ ᠬᠠᠤᠯᠢ | ᠰᠠᠬᠢᠯᠭ᠎ᠠ ᠠᠴᠠ ᠵᠦᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠵᠦ᠂ ᠮᠠᠭᠤ ᠨᠦᠯᠥᠭᠡ ᠦᠵᠡᠭᠦᠯᠥᠭᠰᠡᠨ | ᠪᠠᠶᠢᠪᠠᠯ᠂ ᠠᠷᠠᠳ ᠤᠨ ᠬᠢᠨᠠᠯᠲᠠ ᠲᠠᠯᠪᠢᠭᠴᠢ ᠶᠢᠨ ᠲᠤᠰᠢᠶᠠᠯ ᠡᠭᠦᠷᠭᠡᠯᠡᠵᠦ ᠪᠣᠯᠬᠤ ᠦᠭᠡᠢ᠃ | 3. ᠨᠠᠮ ᠤᠨ ᠬᠤᠷᠢᠶ᠎ᠠ᠂ ᠵᠠᠰᠠᠭ ᠤᠨ ᠣᠷᠳᠤᠨ ᠬᠢᠭᠡᠳ ᠲᠡᠭᠦᠨ ᠤ ᠪᠦᠷᠢᠯᠳᠥᠭᠦᠨ ᠰᠠᠯᠠᠭ᠎ᠠ | ᠮᠦᠴᠢᠷ ᠤᠨ ᠬᠠᠷᠢᠭᠤᠴᠠᠯᠭᠠᠲᠠᠨ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠦᠷᠢᠯᠳᠥᠭᠦᠨ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ | ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯ ᠳᠤ ᠪᠠᠶᠢᠭ᠎ᠠ ᠠᠵᠢᠯᠲᠠᠨ᠂ ᠠᠷᠠᠳ ᠤᠨ ᠬᠠᠪᠰᠤᠷᠤᠨ ᠰᠢᠭᠦᠭᠴᠢ᠂ | ᠡᠰᠡᠭᠦᠯ᠎ᠡ ᠡᠭᠦᠷᠭᠡ ᠲᠤᠰᠢᠶᠠᠯ ᠤᠨ ᠪᠤᠰᠤᠳ ᠰᠢᠯᠲᠠᠭᠠᠨ ᠠᠴᠠ ᠪᠣᠯᠤᠭᠠᠳ ᠠᠷᠠᠳ ᠤᠨ ᠬᠢᠨᠠᠯᠲᠠ ᠲᠠᠯᠪᠢᠭᠴᠢ ᠶᠢᠨ | ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠶᠢ ᠨᠦᠯᠥᠭᠡᠯᠡᠵᠦ ᠮᠡᠳᠡᠬᠦ ᠬᠦᠮᠥᠰ ᠠᠷᠠᠳ ᠤᠨ ᠬᠢᠨᠠᠯᠲᠠ | ᠲᠠᠯᠪᠢᠭᠴᠢ ᠶᠢᠨ ᠲᠤᠰᠢᠶᠠᠯ ᠡᠭᠦᠷᠭᠡᠯᠡᠬᠦ ᠳᠤ ᠲᠣᠬᠢᠷᠠᠬᠤ ᠦᠭᠡᠢ᠃ | 4. ᠠᠷᠠᠳ ᠤᠨ ᠬᠢᠨᠠᠯᠲᠠ ᠲᠠᠯᠪᠢᠭᠴᠢ ᠶᠢᠨ ᠲᠤᠰᠢᠶᠠᠯ ᠤᠨ ᠬᠤᠭᠤᠴᠠᠭ᠎ᠠ ᠨᠢᠭᠡᠪᠥᠷᠢ ᠨᠢ ᠲᠠᠪᠤᠨ ᠵᠢᠯ | ᠪᠣᠯᠤᠨ᠎ᠠ᠂ ᠵᠠᠯᠭᠠᠪᠡᠷ ᠲᠤᠰᠢᠶᠠᠯ ᠡᠭᠦᠷᠭᠡᠯᠡᠬᠦ ᠳᠤ ᠬᠤᠶᠠᠷ ᠬᠤᠭᠤᠴᠠᠭ᠎ᠠ ᠶᠢ ᠳᠠᠪᠠᠭᠤᠯᠵᠦ ᠪᠣᠯᠬᠤ ᠦᠭᠡᠢ᠃ ᠠᠳᠠᠯᠢ | ᠨᠢᠭᠡᠨ ᠠᠷᠠᠳ ᠤᠨ ᠬᠢᠨᠠᠯᠲᠠ ᠲᠠᠯᠪᠢᠭᠴᠢ ᠬᠤᠶᠠᠷ ᠠᠴᠠ ᠳᠡᠭᠡᠭᠰᠢ ᠠᠷᠠᠳ ᠤᠨ ᠰᠢᠭᠦᠬᠦ ᠬᠤᠷᠢᠶ᠎ᠠ ᠶᠢᠨ ᠠᠷᠠᠳ ᠤᠨ | ᠬᠢᠨᠠᠯᠲᠠ ᠲᠠᠯᠪᠢᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠣᠯᠬᠤ ᠦᠭᠡᠢ᠃ | ᠳᠦᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠡᠷᠬᠡᠲᠦ ᠠᠷᠠᠳ ᠦᠪᠡᠷ ᠢ ᠪᠠᠨ ᠲᠠᠨᠢᠯᠴᠠᠭᠤᠯᠤᠨ ᠨᠡᠷ᠎ᠡ ᠮᠡᠳᠡᠭᠦᠯᠵᠦ ᠪᠣᠯᠤᠨ᠎ᠠ᠂ ᠪᠦᠬᠦ ᠣᠷᠣᠨ ᠤ | ᠡᠯ᠎ᠡ ᠱᠠᠲᠤᠨ ᠤ ᠪᠠᠶᠢᠭᠤᠯᠭ᠎ᠠ᠂ ᠪᠦᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠦᠨᠳᠥᠰᠥᠨ | ᠱᠠᠲᠤᠨ ᠤ ᠵᠣᠬᠢᠶᠠᠨ ᠪᠠᠶᠢᠭᠤᠯᠤᠯᠲᠠ ᠨᠤᠭᠤᠳ ᠠᠷᠠᠳ ᠤᠨ ᠬᠢᠨᠠᠯᠲᠠ ᠲᠠᠯᠪᠢᠭᠴᠢ ᠶᠢᠨ ᠵᠢᠱᠢᠭᠳᠡᠭᠴᠢ ᠶᠢ ᠪᠠᠲᠤᠯᠠᠨ | ᠲᠠᠨᠢᠯᠴᠠᠭᠤᠯᠤᠭᠰᠠᠨ ᠴᠦ ᠪᠣᠯᠤᠨ᠎ᠠ᠃ ᠬᠤᠪᠢ ᠬᠦᠮᠥᠨ ᠦᠪᠡᠷ ᠢ ᠪᠠᠨ ᠲᠠᠨᠢᠯᠴᠠᠭᠤᠯᠬᠤ ᠳᠤ ᠠᠵᠢᠯᠯᠠᠵᠦ ᠪᠠᠶᠢᠭ᠎ᠠ | ᠨᠢᠭᠡᠴᠡ ᠪᠤᠶᠤ ᠰᠠᠭᠤᠭ᠎ᠠ ᠭᠠᠵᠠᠷ ᠤᠨ ᠦᠨᠳᠥᠰᠥᠨ ᠱᠠᠲᠤᠨ ᠤ ᠵᠣᠬᠢᠶᠠᠨ ᠪᠠᠶᠢᠭᠤᠯᠤᠯᠲᠠ ︵ᠭᠠᠴᠠᠭ᠎ᠠ ᠲᠣᠰᠬᠤᠨ᠂ | ᠰᠠᠭᠤᠭᠠᠯᠢ ᠠᠷᠠᠳ ᠤᠨ ᠵᠦᠪᠯᠡᠯ︶ ᠪᠠᠷ ᠰᠠᠨᠠᠯ ᠪᠢᠴᠢᠭᠦᠯᠥᠭᠰᠡᠨ ᠪᠠᠶᠢᠬᠤ ᠬᠡᠷᠡᠭᠲᠡᠢ᠂ ᠵᠣᠬᠢᠶᠠᠨ ᠪᠠᠶᠢᠭᠤᠯᠤᠯᠲᠠ | ᠪᠠᠲᠤᠯᠠᠨ ᠲᠠᠨᠢᠯᠴᠠᠭᠤᠯᠬᠤ ᠳᠤ ᠪᠠᠲᠤᠯᠠᠨ ᠲᠠᠨᠢᠯᠴᠠᠭᠤᠯᠤᠭᠴᠢ ᠶᠢᠨ ᠵᠦᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠃ | ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠬᠦᠬᠡᠬᠤᠲᠠ ᠲᠡᠮᠥᠷ ᠵᠠᠮ ᠤᠨ | ᠲᠡᠭᠡᠭᠡᠪᠥᠷᠢ ᠶᠢᠨ ᠠᠷᠠᠳ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠰᠤᠩᠭᠤᠨ ᠲᠣᠮᠢᠯᠠᠭᠰᠠᠨ ᠠᠷᠠᠳ ᠤᠨ | ᠬᠢᠨᠠᠯᠲᠠ ᠲᠠᠯᠪᠢᠭᠴᠢ ᠶᠢᠨ ᠲᠤᠰᠢᠶᠠᠯ ᠤᠨ ᠬᠤᠭᠤᠴᠠᠭ᠎ᠠ ᠨᠢ ᠳᠦᠭᠦᠷᠥᠭᠡᠳᠥᠢ ᠮᠦᠷᠲᠡᠭᠡᠨ ᠵᠠᠯᠭᠠᠭᠠᠳ ᠲᠤᠰᠢᠶᠠᠯ | ᠡᠭᠦᠷᠭᠡᠯᠡᠬᠦ ᠳᠤᠷᠠᠲᠠᠢ ᠪᠣᠯ ᠬᠤᠪᠢ ᠬᠦᠮᠥᠨ ᠦᠪᠡᠷ ᠢ ᠪᠠᠨ ᠲᠠᠨᠢᠯᠴᠠᠭᠤᠯᠬᠤ ᠪᠤᠶᠤ ᠵᠣᠬᠢᠶᠠᠨ ᠪᠠᠶᠢᠭᠤᠯᠤᠯᠲᠠ | ᠪᠠᠲᠤᠯᠠᠨ ᠲᠠᠨᠢᠯᠴᠠᠭᠤᠯᠬᠤ ᠬᠡᠯᠪᠡᠷᠢ ᠶᠢᠨ ᠶᠣᠰᠤᠭᠠᠷ ᠲᠠᠬᠢᠵᠦ ᠨᠡᠷ᠎ᠡ ᠮᠡᠳᠡᠭᠦᠯᠬᠦ ᠴᠢᠬᠤᠯᠠᠲᠠᠢ ᠪᠦᠭᠡᠳ ᠲᠤᠰ | ᠤᠳᠠᠭ᠎ᠠ ᠶᠢᠨ ᠰᠤᠩᠭᠤᠨ ᠲᠣᠮᠢᠯᠠᠬᠤ ᠬᠡᠪᠴᠢᠶᠡᠨ ᠳᠤ ᠣᠷᠣᠭᠤᠯᠤᠨ᠎ᠠ᠃ | ᠨᠡᠷ᠎ᠡ ᠮᠡᠳᠡᠭᠦᠯᠬᠦ ᠳᠡᠭᠡᠨ ᠳᠣᠣᠷ᠎ᠠ ᠵᠢᠭᠰᠠᠭᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ | ᠬᠡᠷᠡᠭᠲᠡᠢ᠄ | 1. ᠦᠨᠡᠮᠯᠡᠯ ᠳᠤ ᠬᠡᠷᠡᠭᠯᠡᠬᠦ ᠣᠶᠢᠷ᠎ᠠ ᠳᠤ ᠠᠪᠤᠭᠤᠯᠤᠭᠰᠠᠨ ᠠᠳᠠᠯᠢ ᠳᠡᠪᠢᠰᠭᠡᠷ ᠲᠠᠢ ᠪᠠᠭ᠎ᠠ 2 | ᠢᠮᠠᠬᠤ ᠶᠢᠨ ᠪᠤᠳᠤᠭᠲᠦ ᠭᠡᠷᠡᠯ ᠵᠢᠷᠤᠭ 3 ᠬᠤᠪᠢ︔ | 2. ᠲᠤᠰ ᠬᠦᠮᠥᠨ ᠤ ᠬᠦᠴᠥᠨ ᠪᠦᠬᠦᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ | ᠬᠠᠭᠤᠯᠪᠥᠷᠢ 2 ᠬᠤᠪᠢ ︵ᠪᠡᠶ᠎ᠡ ᠶᠢᠨ ᠦᠨᠡᠮᠯᠡᠯ ᠤᠨ ᠨᠢᠭᠤᠷ ᠤᠨ ᠲᠠᠯ᠎ᠠ ᠪᠠ ᠠᠷᠤ ᠲᠠᠯ᠎ᠠ ᠶᠢ ᠠᠳᠠᠯᠢ ᠨᠢᠭᠡ | ᠨᠢᠭᠤᠷ ᠲᠤ ᠬᠠᠭᠤᠯᠪᠥᠷᠢᠯᠠᠨᠠ︶︔ | 3. ᠰᠤᠷᠤᠯᠭ᠎ᠠ ᠶᠢᠨ ᠨᠠᠮᠲᠠᠷ ᠬᠢᠭᠡᠳ ᠪᠤᠰᠤᠳ ᠬᠤᠯᠪᠤᠭᠳᠠᠯ ᠪᠦᠬᠦᠢ ᠦᠨᠡᠮᠯᠡᠯ ᠤᠨ ᠬᠠᠭᠤᠯᠪᠥᠷᠢ 2 | ᠬᠤᠪᠢ︔ | 4. ︽ᠠᠷᠠᠳ ᠤᠨ ᠬᠢᠨᠠᠯᠲᠠ ᠲᠠᠯᠪᠢᠭᠴᠢ ᠪᠠᠷ ᠦᠪᠡᠷ ᠢ ᠪᠠᠨ ᠲᠠᠨᠢᠯᠴᠠᠭᠤᠯᠬᠤ ᠬᠦᠰᠥᠨᠥᠭᠲᠦ︾ ᠪᠤᠶᠤ | ︽ᠠᠷᠠᠳ ᠤᠨ ᠬᠢᠨᠠᠯᠲᠠ ᠲᠠᠯᠪᠢᠭᠴᠢ ᠪᠠᠷ ᠪᠠᠲᠤᠯᠠᠨ ᠲᠠᠨᠢᠯᠴᠠᠭᠤᠯᠬᠤ ᠬᠦᠰᠥᠨᠥᠭᠲᠦ︾ ᠨᠢᠭᠡ ᠶᠠᠩᠵᠦ ᠶᠢᠨ ᠬᠢ ᠶᠢ | ᠬᠤᠶᠠᠷ ᠬᠤᠪᠢ ᠲᠠᠭᠯᠠᠨ᠎ᠠ᠂ ᠨᠡᠷ᠎ᠡ ᠮᠡᠳᠡᠭᠦᠯᠬᠦ ᠬᠦᠰᠥᠨᠥᠭᠲᠦ ᠶᠢ ᠦᠪᠥᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠫᠣᠷᠲ᠋ᠧᠯ ︵ᠰᠦᠯᠵᠢᠶᠡᠨ ᠬᠠᠶ᠋ᠢᠭ᠄ www.nmgsft.gov. | cn︶ ᠳᠤ ᠭᠠᠷᠴᠦ ᠦᠪᠡᠷ ᠲᠡᠭᠡᠨ ᠪᠠᠭᠤᠯᠭᠠᠵᠦ ᠠᠪᠤᠭᠠᠷᠠᠢ᠂ ᠨᠡᠷ᠎ᠡ ᠮᠡᠳᠡᠭᠦᠯᠬᠦ ᠲᠤᠬᠠᠢ ᠶᠢᠨ ᠭᠠᠵᠠᠷ ᠲᠤᠨᠢ | ᠠᠪᠤᠭᠰᠠᠨ ᠴᠦ ᠪᠣᠯᠣᠨ᠎ᠠ᠃ | ᠲᠠᠪᠤ᠂ ᠨᠡᠷ᠎ᠡ ᠮᠡᠳᠡᠭᠦᠯᠬᠦ ᠴᠠᠭ | 5 ᠳ᠋ᠤᠭᠠᠷ ᠰᠠᠷ᠎ᠠ ᠶᠢᠨ 21 ᠤ ᠡᠳᠥᠷ ᠠᠴᠠ 6 ᠳ᠋ᠤᠭᠠᠷ ᠰᠠᠷ᠎ᠠ ᠶᠢᠨ 22 ᠤᠨ ᠡᠳᠥᠷ ᠬᠦᠷᠲᠡᠯ᠎ᠡ | ᠵᠢᠷᠭᠤᠭ᠎ᠠ᠂ ᠨᠡᠷ᠎ᠡ ᠮᠡᠳᠡᠭᠦᠯᠬᠦ ᠭᠠᠵᠠᠷ | 1. ᠨᠡᠷ᠎ᠡ ᠮᠡᠳᠡᠭᠦᠯᠬᠦ ᠬᠦᠮᠥᠰ ᠨᠡᠷ᠎ᠡ ᠮᠡᠳᠡᠭᠦᠯᠬᠦ ᠬᠦᠰᠥᠨᠥᠭᠲᠦ ᠪᠣᠯᠣᠨ ᠬᠠᠮᠢᠶ᠎ᠠ ᠪᠦᠬᠦᠢ | ᠮᠠᠲ᠋ᠧᠷᠢᠶᠠᠯ ᠢᠶᠠᠨ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ | ᠬᠠᠤᠯᠢ ᠳᠦᠷᠢᠮ ᠤᠨ ᠭᠠᠵᠠᠷ ᠲᠤ ᠰᠢᠤᠳᠠᠨ ᠢᠶᠠᠷ ᠢᠯᠡᠭᠡᠵᠦ ᠪᠣᠯᠤᠨ᠎ᠠ ︵ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ | ᠲᠣᠭᠤᠷᠢᠭ ᠤᠨ ᠬᠢᠩᠭᠠᠨ ᠡᠮᠥᠨ᠎ᠡ ᠵᠠᠮ ᠤᠨ 15 ᠳ᠋ᠣᠭᠠᠷ ᠨᠣᠮᠧᠷ ᠰᠢᠤᠳᠠᠨ ᠳ᠋ᠣᠭᠠᠷ᠄ 010010︶ | 2. ᠨᠡᠷ᠎ᠡ ᠮᠡᠳᠡᠭᠦᠯᠬᠦ ᠬᠦᠰᠥᠨᠥᠭᠲᠦ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠡᠯᠧᠺᠲᠷᠥᠨ ᠪᠠᠷ ᠤᠨ | ᠪᠣᠯᠭᠠᠭᠠᠳ᠂ ᠵᠢᠭᠠᠨ ᠲᠣᠭᠲᠠᠭᠠᠭᠰᠠᠨ ᠡᠯᠧᠺᠲᠷᠥᠨ ᠰᠢᠤᠳᠠᠨ ᠤ ᠬᠠᠶᠢᠷᠴᠠᠭ ᠲᠤ ᠢᠯᠡᠭᠡᠭᠰᠡᠨ ᠴᠦ ᠪᠣᠯᠤᠨ᠎ᠠ ︵ | wmwwmw36@163.com︶ | | 3. ᠨᠡᠷ᠎ᠡ ᠮᠡᠳᠡᠭᠦᠯᠬᠦ ᠬᠦᠰᠥᠨᠥᠭᠲᠦ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠢᠭᠤᠳ ᠦᠪᠥᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠤᠯᠢ ᠳᠦᠷᠢᠮ ᠤᠨ | ᠭᠠᠵᠠᠷ ᠲᠤ ᠮᠡᠳᠡᠭᠦᠯᠥᠨ ᠬᠦᠷᠭᠡᠭᠰᠡᠨ ᠴᠦ ᠪᠣᠯᠤᠨ᠎ᠠ ︵ᠬᠠᠷᠢᠯᠴᠠᠬᠤ ᠬᠦᠮᠥᠨ᠄ ᠯᠢ ᠯᠢᠨ ᠬᠠᠷᠢᠯᠴᠠᠬᠤ | ᠳ᠋ᠢᠶᠠᠩᠬᠤᠸᠠ᠄ 0471 —5301247︶ | ᠳᠣᠯᠤᠭ᠎ᠠ᠂ ᠰᠤᠩᠭᠤᠨ ᠲᠣᠮᠢᠯᠠᠬᠤ ᠲᠡᠰ ᠳᠠᠷᠠᠭᠠᠯᠠᠯ | 1. ᠠᠩᠬ᠎ᠠ ᠠᠯᠬᠤᠮ ᠬᠢᠨᠠᠨ ᠪᠠᠶᠢᠴᠠᠭᠠᠨ᠎ᠠ᠃ ᠨᠡᠷ᠎ᠡ ᠮᠡᠳᠡᠭᠦᠯᠬᠦ ᠴᠠᠭ ᠳᠠᠭᠤᠰᠤᠭᠰᠠᠨ ᠤ ᠳᠠᠷᠠᠭ᠎ᠠ᠂ | ᠪᠠᠲᠤᠯᠠᠨ ᠲᠠᠨᠢᠯᠴᠠᠭᠤᠯᠤᠭᠰᠠᠨ ᠪᠠ ᠦᠪᠡᠷ ᠢ ᠪᠠᠨ ᠲᠠᠨᠢᠯᠴᠠᠭᠤᠯᠤᠭᠰᠠᠨ ᠵᠢᠱᠢᠭᠳᠡᠭᠰᠡᠳ ᠲᠤ ᠦᠪᠡᠷᠳᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠰᠢᠯᠢᠳᠡᠭ ᠢ | ᠨᠢ ᠰᠤᠩᠭᠤᠨ ᠠᠷᠠᠳ ᠤᠨ ᠬᠢᠨᠠᠯᠲᠠ ᠲᠠᠯᠪᠢᠭᠴᠢ ᠶᠢᠨ ᠵᠢᠱᠢᠭᠳᠡᠭᠴᠢ ᠪᠠᠷ ᠲᠣᠮᠢᠯᠠᠬᠤ ᠪᠠᠷ ᠳᠤᠷᠠᠳᠤᠨ᠎ᠠ᠃ | ᠲᠣᠮᠢᠯᠠᠬᠤ ᠪᠠᠷ ᠪᠠᠶᠢᠬᠤ ᠵᠢᠱᠢᠭᠳᠡᠭᠰᠡᠳ ᠤᠨ ᠲᠣᠲᠤᠷ᠎ᠠ ᠪᠠᠶᠢᠭᠤᠯᠭ᠎ᠠ᠂ ᠪᠦᠯᠬᠦᠮ᠂ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠶᠡᠷᠥᠩᠬᠡᠶᠢᠳᠡᠭᠡᠨ ᠠᠷᠠᠳ ᠤᠨ ᠬᠢᠨᠠᠯᠲᠠ ᠲᠠᠯᠪᠢᠭᠴᠢ ᠶᠢᠨ ᠶᠡᠷᠥᠩᠬᠡᠢ ᠲᠤᠭ᠎ᠠ ᠶᠢᠨ 50% ᠶᠢ ᠳᠠᠪᠠᠭᠰᠠᠨ | ᠪᠠᠶᠢᠵᠦ ᠪᠣᠯᠬᠤ ᠦᠭᠡᠢ᠃ | 2. ᠲᠣᠮᠢᠯᠠᠬᠤ ᠠᠴᠠ ᠡᠮᠥᠨ᠎ᠡ ᠨᠡᠶᠢᠲᠡ ᠳᠤ ᠵᠠᠷᠯᠠᠨ᠎ᠠ᠃ ᠲᠣᠮᠢᠯᠠᠬᠤ ᠪᠠᠷ ᠪᠠᠶᠢᠭ᠎ᠠ ᠠᠷᠠᠳ ᠤᠨ | ᠬᠢᠨᠠᠯᠲᠠ ᠲᠠᠯᠪᠢᠭᠴᠢ ᠶᠢᠨ ᠣᠪᠣᠭ ᠨᠡᠷ᠎ᠡ᠂ ᠠᠵᠢᠯᠯᠠᠵᠦ ᠪᠠᠶᠢᠭ᠎ᠠ ᠨᠢᠭᠡᠴᠡ᠂ ᠣᠨᠳᠣᠤ ᠰᠠᠨᠠᠯ ᠢ ᠬᠦᠯᠢᠶᠡᠨ ᠠᠪᠬᠤ | ᠰᠠᠯᠠᠭ᠎ᠠ ᠮᠦᠴᠢᠷ ᠪᠣᠯᠣᠨ ᠬᠠᠷᠢᠯᠴᠠᠬᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ ᠵᠦᠢᠯ ᠢ ᠦᠪᠡᠷᠳᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠨᠡᠶᠢᠭᠡᠮ ᠳᠤ ᠨᠡᠶᠢᠲᠡ ᠳᠤ ᠵᠠᠷᠯᠠᠵᠦ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃ ᠨᠡᠶᠢᠲᠡ ᠳᠤ ᠵᠠᠷᠯᠠᠬᠤ ᠬᠤᠭᠤᠴᠠᠭ᠎ᠠ ᠨᠢ 7 ᠡᠳᠥᠷ | ᠪᠣᠯᠤᠨ᠎ᠠ᠃ | 3. ᠨᠡᠷᠡᠰ ᠢ ᠨᠡᠶᠢᠲᠡᠯᠡᠨ᠎ᠡ᠃ ᠲᠣᠮᠢᠯᠠᠬᠤ ᠪᠠᠷ ᠪᠠᠶᠢᠭ᠎ᠠ ᠵᠢᠱᠢᠭᠳᠡᠭᠴᠢ ᠶᠢ ᠨᠡᠶᠢᠲᠡ ᠳᠤ ᠵᠠᠷᠯᠠᠬᠤ ᠪᠠᠷ | ᠳᠠᠮᠵᠢᠭᠠᠳ ᠣᠨᠳᠣᠤ ᠰᠠᠨᠠᠯ ᠦᠭᠡᠢ ᠪᠤᠶᠤ ᠬᠢᠨᠠᠨ ᠪᠠᠶᠢᠴᠠᠭᠠᠭᠠᠳ ᠣᠨᠳᠣᠤ ᠰᠠᠨᠠᠯ ᠪᠣᠢ ᠪᠣᠯᠣᠭᠰᠠᠨ ᠦᠭᠡᠢ ᠪᠣᠯ | ᠦᠪᠡᠷᠳᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠰᠤᠩᠭᠤᠨ ᠲᠣᠮᠢᠯᠠᠬᠤ ᠲᠣᠭᠲᠠᠭᠠᠯ ᠭᠠᠷᠭᠠᠵᠦ᠂ | ᠦᠨᠡᠮᠯᠡᠯ ᠣᠯᠭᠤᠬᠤ ᠶᠢᠨ ᠬᠠᠮᠲᠦ ᠨᠡᠶᠢᠭᠡᠮ ᠳᠤ ᠨᠡᠶᠢᠲᠡᠯᠡᠨ᠎ᠡ᠃ ᠡᠭᠦᠨ ᠤ ᠵᠡᠷᠭᠡᠴᠡᠪᠡᠷ᠂ ︽ᠠᠷᠠᠳ ᠤᠨ ᠬᠢᠨᠠᠯᠲᠠ | ᠲᠠᠯᠪᠢᠭᠴᠢ ᠨᠡᠷ᠎ᠡ ᠶᠢᠨ ᠳᠠᠩᠰᠠ︾ ᠬᠢᠵᠦ ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ | ᠬᠦᠷᠭᠡᠨ᠎ᠡ᠃ | ᠲᠤᠰ ᠠᠯᠪᠠᠨ ᠵᠠᠷ ᠢ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠠᠴᠠ ᠬᠠᠷᠢᠭᠤᠴᠠᠨ ᠲᠠᠶᠢᠯᠪᠥᠷᠢᠯᠠᠨᠠ᠃ | ᠯᠠᠪᠯᠠᠯᠭ᠎ᠠ ᠠᠪᠬᠤ ᠳ᠋ᠢᠶᠠᠩᠬᠤᠸᠠ᠄ 0471 —5301246 | ᠳᠠᠭᠠᠯᠳᠤᠭᠤᠯᠤᠯ᠄ 1. ᠠᠷᠠᠳ ᠤᠨ ᠬᠢᠨᠠᠯᠲᠠ ᠲᠠᠯᠪᠢᠭᠴᠢ ᠪᠠᠷ ᠦᠪᠡᠷ ᠢ ᠪᠠᠨ ᠲᠠᠨᠢᠯᠴᠠᠭᠤᠯᠬᠤ | ᠬᠦᠰᠥᠨᠥᠭᠲᠦ | 2. ᠠᠷᠠᠳ ᠤᠨ ᠬᠢᠨᠠᠯᠲᠠ ᠲᠠᠯᠪᠢᠭᠴᠢ ᠪᠠᠷ ᠪᠠᠲᠤᠯᠠᠨ | ᠲᠠᠨᠢᠯᠴᠠᠭᠤᠯᠬᠤ ᠬᠦᠰᠥᠨᠥᠭᠲᠦ | ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ | 2015 | ᠣᠨ ᠤ 5 ᠳ᠋ᠤᠭᠠᠷ ᠰᠠᠷ᠎ᠠ ᠶᠢᠨ 20 ᠤ ᠡᠳᠥᠷ | | | | |