ᠥᠪᠥᠷ ᠮᠣᠩᠭᠤᠯ ᠤᠨ ᠬᠢᠨ 400 ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠤᠷᠢᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2015/5/7
     2015 ᠣᠨ ᠳᠤ ᠥᠪᠥᠷ ᠮᠣᠩᠭᠤᠯ ᠤᠨ ᠬᠢᠨ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠦ ᠦᠶ᠎ᠡ ᠶᠢᠨ ᠰᠤᠷᠭᠠᠭᠤᠯᠢ ᠶᠢᠨ ᠪᠠᠭᠰᠢ ᠶᠢᠨ ᠣᠨᠴᠠᠭᠠᠢ ᠠᠵᠢᠯ ᠤᠨ ᠪᠠᠶᠢᠷᠢ ᠭᠠᠷᠭᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠡᠨᠡ ᠵᠢᠯ 400 ᠠᠵᠢᠯ ᠤᠨ ᠪᠠᠶᠢᠷᠢ ᠭᠠᠷᠭᠠᠬᠤ ᠪᠠᠷ ᠲᠥᠯᠥᠪᠯᠡᠵᠦ᠂ 5 ᠳ᠋ᠤᠭᠠᠷ ᠰᠠᠷ᠎ᠠ ᠶᠢᠨ 4᠎ ᠤ ᠡᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ᠃ ᠡᠨᠡ ᠵᠢᠯ ᠤᠨ ᠠᠵᠢᠯ ᠤᠨ ᠪᠠᠶᠢᠷᠢ ᠭᠠᠷᠭᠠᠬᠤ ᠪᠠᠷ ᠲᠥᠯᠥᠪᠯᠡᠵᠦ ᠪᠠᠶᠢᠭ᠎ᠠ ᠠᠶᠢᠮᠠᠭ ᠬᠤᠲᠠ ᠪᠣᠯ ᠬᠥᠬᠡᠬᠤᠲᠠ᠂ ᠰᠢᠯᠢ ᠶᠢᠨ ᠭᠤᠣᠯ ᠠᠶᠢᠮᠠᠭ᠂ ᠬᠥᠯᠥᠨ ᠪᠣᠶᠢᠷ ᠬᠤᠲᠠ ᠪᠣᠯᠣᠨ ᠬᠢᠩᠭᠠᠨ ᠠᠶᠢᠮᠠᠭ ᠪᠣᠯᠬᠤ ᠪᠦᠭᠡᠳ ᠴᠢᠩ ᠱᠦᠢ ᠾᠧ ᠰᠢᠶᠠᠨ᠂ ᠲᠠᠶᠢᠫᠤᠰᠧ ᠬᠤᠰᠢᠭᠤ ᠵᠡᠷᠭᠡ 8 ᠬᠤᠰᠢᠭᠤ ᠰᠢᠶᠠᠨ ᠳᠤ ᠬᠤᠯᠪᠣᠭᠳᠠᠨ᠎ᠠ᠃ ᠤᠷᠢᠭᠳᠠᠭᠰᠠᠳ ᠨᠢ ᠦᠪᠥᠷ ᠮᠣᠩᠭᠤᠯ ᠨᠤᠲᠤᠭ ᠲᠠᠢ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠪᠣᠯᠣᠨ᠎ᠠ᠃ ᠲᠤᠰ ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠤᠷᠢᠭᠳᠠᠪᠠᠯ᠂ ᠤᠷᠢᠭᠳᠠᠨ ᠲᠣᠮᠢᠯᠠᠭᠳᠠᠭᠰᠠᠨ ᠬᠤᠭᠤᠴᠠᠭᠠᠨ ᠳᠠᠭᠠᠨ ᠤᠯᠤᠰ ᠤᠨ ᠨᠢᠭᠡᠳᠦᠯᠲᠡᠢ ᠴᠠᠯᠢᠩ ᠤᠨ ᠳᠦᠷᠢᠮ ᠪᠣᠯᠣᠨ ᠪᠠᠷᠢᠮᠵᠢᠶ᠎ᠠ ᠶᠢ ᠬᠡᠷᠡᠭᠵᠢᠭᠦᠯᠬᠦ ᠶᠢ ᠬᠦᠷᠲᠡᠵᠦ᠂ ᠪᠠᠶᠢᠭ᠎ᠠ ᠭᠠᠵᠠᠷ ᠤᠨ ᠠᠳᠠᠯᠢ ᠱᠠᠲᠤᠨ ᠤ ᠠᠯᠪᠠᠨ ᠠᠴᠠ ᠡᠷᠬᠢᠯᠡᠭᠰᠡᠨ ᠪᠠᠭᠰᠢ ᠶᠢᠨ ᠨᠡᠮᠡᠭᠦᠷᠢ ᠨᠥᠬᠦᠪᠦᠷᠢ ᠬᠢᠭᠡᠳ ᠠᠰᠠᠷᠠᠮᠵᠢ ᠣᠯᠭᠤᠮᠵᠢ ᠵᠡᠷᠭᠡ 6 ᠵᠦᠢᠯ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠬᠦᠷᠲᠡᠨ᠎ᠡ᠃ 5 ᠳ᠋ᠤᠭᠠᠷ ᠰᠠᠷ᠎ᠠ ᠶᠢᠨ 4᠎ ᠤ ᠡᠳᠦᠷ ᠤᠨ 8 ᠴᠠᠭ ᠠᠴᠠ ᠡᠬᠢᠯᠡᠨ᠂ ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠭᠰᠡᠨ ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠬᠦ ᠴᠠᠭ ᠨᠢ 5 ᠳ᠋ᠤᠭᠠᠷ ᠰᠠᠷ᠎ᠠ ᠶᠢᠨ 10᠎ ᠤ ᠡᠳᠦᠷ ᠤᠨ 18 ᠴᠠᠭ ᠲᠤ ᠳᠠᠭᠤᠰᠤᠨ᠎ᠠ᠃ 5 ᠳ᠋ᠤᠭᠠᠷ ᠰᠠᠷ᠎ᠠ ᠶᠢᠨ 24᠎ ᠤ ᠡᠳᠦᠷ ᠤᠨ 8 ᠴᠠᠭ ᠠᠴᠠ 5 ᠳ᠋ᠤᠭᠠᠷ ᠰᠠᠷ᠎ᠠ ᠶᠢᠨ 29᠎ ᠤ ᠡᠳᠦᠷ ᠤᠨ 24 ᠴᠠᠭ ᠬᠦᠷᠲᠡᠯ᠎ᠡ ᠪᠣᠯ ᠰᠢᠯᠭᠠᠭᠤᠯᠤᠭᠰᠠᠳ ᠤᠨ ᠰᠢᠯᠭᠠᠭᠤᠯᠬᠤ ᠦᠨᠡᠮᠯᠡᠯ ᠳᠠᠷᠤᠮᠠᠯᠯᠠᠵᠦ ᠠᠪᠬᠤ ᠴᠠᠭ ᠪᠣᠯᠤᠨ᠎ᠠ᠃ ᠪᠢᠷ ᠤᠨ ᠰᠢᠯᠭᠠᠯᠲᠠ ᠶᠢᠨ ᠴᠠᠭ ᠢ 5 ᠳ᠋ᠤᠭᠠᠷ ᠰᠠᠷ᠎ᠠ ᠶᠢᠨ 30᠎ ᠤ ᠡᠳᠦᠷ ᠤᠨ 9 ᠴᠠᠭ ᠠᠴᠠ 11 ᠴᠠᠭ 30 ᠮᠢᠨᠦ᠋ᠲ ᠬᠦᠷᠲᠡᠯ᠎ᠡ ᠪᠠᠷ ᠲᠣᠭᠲᠠᠭᠠᠵᠦ᠂  ᠪᠦᠬᠦ ᠣᠷᠣᠨ ᠳᠤ 6 ᠰᠢᠯᠭᠠᠬᠤ ᠴᠢᠭ᠋ ᠭᠠᠷᠭᠠᠵᠤ᠂ ᠲᠤᠰ ᠲᠤᠰ ᠬᠥᠬᠡᠬᠤᠲᠠ᠂ ᠪᠤᠭᠤᠲᠤ ᠬᠤᠲᠠ᠂ ᠬᠥᠯᠥᠨ ᠪᠣᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠲᠤ ᠭᠠᠷᠭᠠᠪᠠ᠃ ᠪᠢᠷ ᠤᠨ ᠰᠢᠯᠭᠠᠯᠲᠠ ᠶᠢᠨ ᠬᠢᠷᠢ ᠪᠦᠲᠥᠮᠵᠢ ᠶᠢ 6 ᠳ᠋ᠤᠭᠠᠷ ᠰᠠᠷ᠎ᠠ ᠶᠢᠨ 15᠎ ᠤ ᠡᠳᠦᠷ ᠠᠴᠠ  ᠬᠤᠶᠢᠰᠢ ᠨᠡᠶᠢᠲᠡᠯᠡᠵᠦ᠂ ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ᠪᠠᠶᠢᠴᠠᠭᠠᠨ ᠠᠰᠠᠭᠤᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号