ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ | ᠵᠦᠪᠰᠢᠶᠡᠷᠡᠯ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ | ᠵᠠᠰᠠᠭ ᠵᠠᠬᠢᠷᠠᠭᠠᠨ ᠤ ᠵᠦᠪᠰᠢᠶᠡᠷᠡᠯ ᠦᠨᠳᠦᠰᠦᠯᠡᠯ | ︽ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠠᠷᠭ᠎ᠠ︾ ︵ᠵᠠᠮ ᠬᠠᠷᠢᠯᠴᠠᠭᠠᠨ ᠤ ᠶᠠᠮᠤᠨ ᠤ ᠵᠠᠷᠯᠢᠭ 2004 ᠤᠨ ᠤ 14 ᠳ᠋ᠤᠭᠡᠷ ᠲᠤᠭᠠᠲᠤ︶᠂ ︽ᠵᠠᠰᠠᠮᠠᠯ | ᠵᠠᠮ ᠤᠨ ᠪᠠᠷᠢᠯᠭ᠎ᠠ ᠲᠤᠰᠢᠶᠠᠬᠤ ︵ᠳᠠᠭᠤᠰᠤᠭᠰᠠᠨ︶ ᠶᠢᠨ ᠰᠢᠯᠭᠠᠨ ᠠᠪᠬᠤ ᠠᠷᠭ᠎ᠠ︾ ︵ᠵᠠᠮ ᠬᠠᠷᠢᠯᠴᠠᠭᠠᠨ ᠤ | ᠶᠠᠮᠤᠨ ᠤ ᠵᠠᠷᠯᠢᠭ 2004 ᠤᠨ ᠤ 3 ᠳ᠋ᠤᠭᠠᠷ ᠲᠤᠭᠠᠲᠤ︶᠃ | ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭᠵᠢᠬᠦᠯᠬᠦ ᠡᠷᠭᠡ ᠮᠡᠳᠡᠯ ᠤᠨ ᠬᠡᠪᠴᠢᠶ᠎ᠡ / ᠠᠭᠤᠯᠭ᠎ᠠ | ︵ᠨᠢᠭᠡ︶ ᠤᠯᠤᠰ ᠠᠴᠠ ᠲᠦᠷᠥᠯ ᠵᠦᠢᠯ ᠪᠠᠶᠢᠭᠤᠯᠤᠭᠰᠠᠨ ᠳᠡᠭᠡᠳᠦ ᠬᠤᠷᠳᠦ ᠶᠢᠨ ᠵᠠᠰᠠᠮᠠᠯ ᠵᠠᠮ ᠤᠨ | ᠪᠦᠲᠥᠭᠡᠨ ᠪᠠᠶᠢᠭᠤᠯᠤᠯᠲᠠ ᠶᠢᠨ 100 ᠺᠢᠯᠤᠮᠧᠲᠷ ᠵᠢᠴᠢ ᠲᠡᠭᠦᠨ ᠠᠴᠠ ᠳᠡᠭᠡᠭᠰᠢ ᠶᠢᠨ ᠲᠦᠷᠦᠯ ᠵᠦᠢᠯ ᠤᠨ | ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠤᠬᠢᠶᠠᠨ | ᠪᠠᠶᠢᠭᠤᠯᠤᠨ᠎ᠠ᠃ | ︵ᠬᠤᠶᠠᠷ︶ ᠤᠯᠤᠰ ᠠᠴᠠ ᠲᠦᠷᠥᠯ ᠵᠦᠢᠯ ᠪᠠᠶᠢᠭᠤᠯᠤᠭᠰᠠᠨ ᠳᠡᠭᠡᠳᠦ ᠬᠤᠷᠳᠦ ᠶᠢᠨ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠠᠴᠠ ᠭᠠᠳᠠᠨᠠᠬᠢ ᠭᠤᠤᠯᠳᠠᠯᠭ᠎ᠠ ᠲᠠᠢ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠭᠤᠤᠯ ᠱᠤᠭᠤᠮ ᠤᠨ ᠵᠠᠰᠠᠮᠠᠯ ᠵᠠᠮ ᠤᠨ ᠲᠤᠤᠷ ᠤᠨ ᠰᠢᠨᠡᠳᠭᠡᠨ | ᠵᠠᠰᠠᠬᠤ ᠲᠦᠷᠦᠯ ᠵᠦᠢᠯ᠂ ᠤᠯᠤᠰ ᠮᠤᠵᠢ ᠶᠢᠨ ᠭᠤᠤᠯ ᠱᠤᠭᠤᠮ ᠤᠨ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠦᠪᠡᠷᠲᠡᠭᠡᠨ | ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨ ᠠᠴᠠ ᠵᠤᠬᠢᠶᠠᠨ ᠪᠠᠶᠢᠭᠤᠯᠤᠨ᠎ᠠ᠃ ᠪᠤᠰᠤᠳ ᠡᠩ ᠤᠨ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠰᠢᠯᠭᠠᠨ | ᠠᠪᠬᠤ ᠶᠢ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠨ | ᠶᠠᠪᠤᠭᠳᠠᠭᠤᠯᠤᠨ᠎ᠠ᠃ | ᠵᠠᠰᠠᠭ ᠵᠠᠬᠢᠷᠭᠠᠨ ᠤ ᠵᠦᠪᠰᠢᠶᠡᠷᠡᠯ ᠤᠨ ᠨᠦᠬᠦᠴᠡᠯ | ︵ᠨᠢᠬᠡ︶ ᠲᠡᠷᠭᠡ ᠨᠡᠪᠲᠡᠷᠡᠭᠦᠯᠵᠦ ᠲᠤᠷᠰᠢᠨ ᠡᠵᠡᠩᠨᠡᠭᠰᠡᠨ ᠨᠢ 2 ᠵᠢᠯ ᠠᠴᠠ ᠳᠡᠭᠡᠭᠰᠢ ᠪᠠᠶᠢᠬᠤ᠃ | ︵ᠬᠤᠶᠠᠷ︶ ᠪᠠᠷᠢᠯᠭ᠎ᠠ ᠲᠤᠰᠢᠶᠠᠵᠦ ᠰᠢᠯᠭᠠᠨ ᠠᠪᠬᠤ ᠳᠤ ᠳᠤᠷᠠᠳᠤᠭᠰᠠᠨ ᠪᠠᠷᠢᠯᠭ᠎ᠠ ᠶᠢᠨ ᠶᠠᠰᠤ | ᠴᠢᠨᠠᠷ ᠤᠨ ᠲᠤᠲᠠᠭᠳᠠᠯ ᠵᠡᠷᠭᠡ ᠠᠰᠠᠭᠤᠳᠠᠯ ᠤᠨ ᠪᠦᠬᠦᠨ ᠢ ᠰᠢᠢᠳᠪᠦᠷᠢᠯᠡᠵᠦ ᠳᠠᠭᠤᠰᠬᠠᠭᠰᠠᠨ ᠪᠠᠶᠢᠬᠤ ᠶᠢᠨ ᠬᠠᠮᠲᠦ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠰᠢᠯᠭᠠᠨ ᠠᠪᠬᠤ ᠶᠢ ᠳᠠᠮᠵᠢᠭᠠᠳ ᠬᠢᠷᠢ | ᠲᠡᠩᠴᠡᠭᠰᠡᠨ ᠪᠠᠶᠢᠬᠤ᠃ | ︵ᠭᠤᠷᠪᠠ︶ ᠪᠠᠷᠢᠯᠭ᠎ᠠ ᠶᠢᠨ ᠲᠦᠰᠦᠪ ᠤᠨ ᠬᠦᠢᠴᠡᠳᠭᠡᠯ ᠨᠠᠶᠢᠷᠠᠭᠤᠯᠤᠨ ᠵᠣᠬᠢᠶᠠᠬᠤ ᠶᠢ ᠪᠡᠶᠡᠯᠡᠬᠦᠯᠵᠤ | ᠂ ᠪᠠᠷᠢᠯᠭ᠎ᠠ ᠳᠠᠭᠤᠰᠤᠭᠰᠠᠨ ᠤ ᠲᠦᠰᠥᠪ ᠤᠨ ᠭᠦᠢᠴᠡᠳᠭᠡᠯ ᠢ ᠬᠢᠨᠠᠨ ᠪᠤᠳᠤᠬᠰᠠᠨ ᠤ ᠬᠠᠮᠲᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠡᠷᠭᠡ ᠤᠯᠭᠤᠬᠰᠠᠨ ᠨᠢᠭᠡᠴᠡ ᠪᠠᠷ | ᠦᠨᠡᠮᠰᠢᠭᠦᠯᠦᠭᠰᠡᠨ᠃ | ︵ᠳᠦᠷᠪᠡ︶ ᠪᠠᠷᠢᠯᠭ᠎ᠠ ᠳᠠᠭᠤᠰᠬᠠᠭᠰᠠᠨ ᠪᠢᠴᠢᠭ ᠮᠠᠲ᠋ᠧᠷᠢᠶᠠᠯ ᠨᠢ ︽ᠵᠠᠰᠠᠮᠠᠯ ᠵᠠᠮ ᠤᠨ ᠪᠠᠷᠢᠯᠭ᠎ᠠ ᠶᠢᠨ | ᠲᠦᠷᠦᠯ ᠵᠦᠢᠯ ᠤᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠤᠷᠤᠭᠤᠯᠬᠤ ᠬᠡᠪᠴᠢᠶ᠎ᠡ︾ ᠶᠢᠨ ᠪᠦᠬᠦ | ᠠᠭᠤᠯᠭ᠎ᠠ ᠶᠢ ᠪᠡᠶᠡᠯᠡᠭᠦᠯᠥᠭᠰᠡᠨ ᠪᠠᠶᠢᠬᠤ᠃ | ︵ᠲᠠᠪᠤ︶ ᠳᠠᠩᠰᠠ ᠡᠪᠬᠡᠮᠡᠯ᠂ ᠤᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠠᠩ ᠲᠦᠷᠦᠯ ᠢ | ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠬᠤ᠃ | ︵ᠵᠢᠷᠭᠤᠭ᠎ᠠ︶ ᠪᠦᠲᠥᠭᠡᠨ ᠪᠠᠶᠢᠭᠤᠯᠬᠤ ᠳᠤ ᠡᠯ᠎ᠡ ᠤᠷᠤᠯᠴᠠᠭᠰᠠᠨ ᠨᠢᠭᠡᠴᠡ ᠠᠵᠢᠯ ᠤᠨ | ᠳ᠋ᠦᠡᠭᠨᠡᠯᠲᠡ ᠶᠢᠨ ᠮᠡᠳᠡᠭᠦᠯᠦᠯᠲᠡ ᠪᠠᠨ ᠪᠡᠶᠡᠯᠡᠬᠦᠯᠥᠭᠰᠡᠨ ᠪᠠᠶᠢᠬᠤ᠃ | ︵ᠳᠤᠯᠤᠭ᠎ᠠ︶ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠪᠠᠷᠢᠯᠭ᠎ᠠ ᠶᠢᠨ ᠶᠠᠰᠤ ᠴᠢᠨᠠᠷ ᠢ | ᠪᠠᠶᠢᠴᠠᠭᠠᠨ ᠬᠡᠮᠵᠢᠭᠡᠳ ᠬᠢᠨᠠᠨ ᠲᠣᠭᠲᠠᠭᠠᠯᠲᠠ ᠬᠢᠬᠦ ᠳᠤ ᠬᠢᠷᠢ ᠲᠡᠩᠴᠡᠭᠰᠡᠨ ᠪᠠᠶᠢᠬᠤ ᠶᠢᠨ ᠬᠠᠮᠲᠦ ᠪᠠᠷᠢᠯᠭ᠎ᠠ ᠶᠢᠨ | ᠶᠠᠰᠤ ᠴᠢᠨᠠᠷ ᠢ ᠬᠢᠨᠠᠨ ᠲᠤᠭᠲᠠᠭᠠᠭᠰᠠᠨ ᠮᠡᠳᠡᠭᠦᠯᠦᠯᠲᠡ ᠪᠣᠢ ᠪᠣᠯᠭᠠᠭᠰᠠᠨ ᠪᠠᠶᠢᠬᠤ᠃ | ᠭᠤᠶᠤᠴᠢᠯᠠᠭᠴᠢ ᠶᠢᠨ ᠲᠤᠰᠢᠶᠠᠬᠤ ᠴᠢᠬᠤᠯᠠᠲᠠᠢ ᠪᠦᠬᠦ ᠮᠠᠲ᠋ᠧᠷᠢᠶᠠᠯ | ︵ᠨᠢᠬᠡ︶ ᠪᠠᠷᠢᠯᠭ᠎ᠠ ᠳᠠᠭᠤᠰᠤᠭᠰᠠᠨ ᠤ ᠰᠢᠯᠭᠠᠨ ᠠᠪᠤᠭᠤᠯᠬᠤ ᠭᠤᠶᠤᠴᠢᠯᠠᠯ ᠤᠨ ᠪᠢᠴᠢᠭ ᠮᠠᠲ᠋ᠧᠷᠢᠶᠠᠯ | ︔ | ︵ᠬᠤᠶᠠᠷ︶ ᠪᠠᠷᠢᠯᠭ᠎ᠠ ᠲᠤᠰᠢᠶᠠᠵᠦ ᠰᠢᠯᠭᠠᠨ ᠠᠪᠤᠭᠰᠠᠨ ᠮᠡᠳᠡᠭᠦᠯᠦᠯᠲᠡ︔ | ︵ᠭᠤᠷᠪᠠ︶ ᠲᠦᠷᠦᠯ ᠵᠦᠢᠯ ᠢ ᠬᠡᠷᠡᠭᠵᠢᠬᠦᠯᠥᠭᠰᠡᠨ ᠮᠡᠳᠡᠭᠦᠯᠦᠯᠲᠡ᠂ ᠵᠢᠷᠤᠭ ᠲᠦᠯᠦᠪᠯᠡᠭᠡ ᠶᠢᠨ | ᠠᠵᠢᠯ ᠤᠨ ᠮᠡᠳᠡᠭᠦᠯᠦᠯᠲᠡ᠂ ᠪᠠᠷᠢᠯᠭ᠎ᠠ ᠪᠠᠷᠢᠭᠰᠠᠨ ᠳ᠋ᠦᠩᠨᠡᠯᠲᠡ ᠶᠢᠨ ᠮᠡᠳᠡᠭᠦᠯᠦᠯᠲᠡ ᠪᠠ ᠬᠢᠨᠠᠨ ᠬᠠᠮᠢᠶᠠᠷᠤᠭᠰᠠᠨ | ᠠᠵᠢᠯ ᠤᠨ ᠮᠡᠳᠡᠭᠦᠯᠦᠯᠲᠡ︔ | ︵ᠳᠦᠷᠪᠡ︶ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠵᠢᠯ ᠤᠨ ᠮᠡᠳᠡᠭᠦᠯᠦᠯᠲᠡ | ᠬᠢᠭᠡᠳ ᠪᠠᠷᠢᠯᠭ᠎ᠠ ᠶᠢᠨ ᠶᠠᠰᠤ ᠴᠢᠨᠠᠷ ᠲᠤ ᠬᠢᠨᠠᠨ ᠲᠣᠭᠲᠠᠭᠠᠯᠲᠠ ᠬᠢᠭᠰᠡᠨ ᠮᠡᠳᠡᠭᠦᠯᠦᠯᠲᠡ︔ | ︵ᠲᠠᠪᠤ︶ ᠲᠦᠷᠦᠯ ᠵᠦᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠡᠰ ᠳᠠᠷᠠᠭᠠᠯᠠᠯ ᠤᠨ | ᠬᠤᠯᠪᠤᠭᠳᠠᠯ ᠪᠦᠬᠦᠢ ᠴᠤᠬᠤᠯᠠᠪᠤᠷᠢᠯᠠᠨ ᠬᠠᠷᠢᠭᠤᠯᠤᠭᠰᠠᠨ ᠪᠢᠴᠢᠭ ᠮᠠᠲ᠋ᠧᠷᠢᠶᠠᠯ︔ | ︵ᠵᠢᠷᠭᠤᠭ᠎ᠠ︶ ᠳᠠᠩᠰᠠ ᠡᠪᠬᠡᠮᠡᠯ᠂ ᠤᠷᠴᠢᠨ ᠲᠣᠭᠤᠷᠢᠨ ᠤ ᠬᠠᠮᠠᠭᠠᠯᠠᠯᠲᠠ᠂ ᠬᠦᠷᠥᠰᠦ ᠰᠢᠷᠣᠢ ᠶᠢᠨ | ᠬᠠᠮᠠᠭᠠᠯᠠᠯᠲᠠ ᠵᠡᠷᠭᠡ ᠳᠠᠩ ᠲᠦᠷᠦᠯ ᠤᠨ ᠰᠢᠯᠭᠠᠨ ᠠᠪᠤᠭᠰᠠᠨ ᠰᠠᠨᠠᠯ︔ | ︵ᠳᠤᠯᠤᠭ᠎ᠠ︶ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠴᠤᠬᠤᠯᠠᠪᠥᠷᠢᠯᠠᠨ ᠬᠠᠷᠢᠭᠤᠯᠤᠭᠰᠠᠨ | ᠪᠢᠴᠢᠭ ᠮᠠᠲ᠋ᠧᠷᠢᠶᠠᠯ︔ | ︵ᠨᠠᠢᠮᠠ︶ ᠪᠠᠷᠢᠯᠭ᠎ᠠ ᠶᠢᠨ ᠶᠠᠰᠤ ᠴᠢᠨᠠᠷ ᠤᠨ ᠲᠤᠲᠠᠭᠳᠠᠯ ᠢ ᠰᠢᠢᠳᠪᠦᠷᠢᠯᠡᠭᠰᠡᠨ ᠮᠡᠳᠡᠭᠦᠯᠦᠯᠲᠡ ᠪᠤᠶᠤ | ᠮᠠᠲ᠋ᠧᠷᠢᠶᠠᠯ᠃ | ᠵᠠᠰᠠᠭ ᠵᠠᠬᠢᠷᠭᠠᠨ ᠤ ᠵᠦᠪᠰᠢᠶᠡᠷᠡᠯ ᠤᠨ ᠰᠦᠢᠳᠭᠡᠯ ᠬᠤᠷᠢᠶᠠᠬᠤ ᠦᠨᠳᠦᠰᠦᠯᠡᠯ ᠪᠠ ᠪᠠᠷᠢᠮᠵᠢᠶ᠎ᠠ | ᠲᠤᠰ ᠲᠦᠷᠦᠯ ᠵᠦᠢᠯ ᠰᠦᠢᠳᠭᠡᠯ ᠬᠤᠷᠢᠶᠠᠬᠤ ᠦᠭᠡᠢ | ᠬᠦᠢᠴᠡᠳᠭᠡᠬᠦ ᠬᠤᠭᠤᠴᠠᠭ᠎ᠠ ᠬᠢᠵᠠᠭᠠᠷ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠᠷᠢᠯᠭ᠎ᠠ ᠳᠠᠭᠤᠰᠴᠦ ᠰᠢᠯᠭᠠᠨ | ᠠᠪᠬᠤ ᠨᠦᠬᠦᠴᠡᠯ ᠳᠤ ᠨᠡᠶᠢᠴᠡᠭᠰᠡᠨ ᠤ ᠳᠠᠷᠠᠭ᠎ᠠ᠂ ᠲᠦᠷᠦᠯ ᠵᠦᠢᠯ ᠤᠨ ᠪᠠᠷᠢᠯᠭ᠎ᠠ ᠪᠠᠷᠢᠭᠤᠯᠤᠭᠰᠠᠨ ᠨᠢᠭᠡᠴᠡ ᠲᠦᠷᠦᠯ | ᠵᠦᠢᠯ ᠤᠨ ᠬᠠᠮᠢᠶᠠᠷᠤᠯᠲᠠ ᠶᠢᠨ ᠡᠷᠭᠡ ᠮᠡᠳᠡᠯ ᠤᠨ ᠶᠤᠰᠤᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠵᠦ ᠰᠢᠯᠭᠠᠭᠤᠯᠤᠨ ᠠᠪᠤᠭᠤᠯᠤᠨ᠎ᠠ᠃ ᠰᠢᠯᠭᠠᠨ ᠠᠪᠬᠤ ᠰᠠᠯᠠᠭ᠎ᠠ | ᠮᠦᠴᠢᠷ ᠭᠤᠶᠤᠴᠢᠯᠠᠯ ᠢ ᠤᠯᠤᠭᠰᠠᠨ ᠡᠳᠥᠷ ᠠᠴᠠ ᠡᠬᠢᠯᠡᠨ 30 ᠡᠳᠦᠷ ᠤᠨ ᠳᠤᠲᠤᠷ᠎ᠠ᠂ ᠭᠤᠶᠤᠴᠢᠯᠠᠭᠴᠢ ᠶᠢᠨ | ᠲᠤᠰᠢᠶᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠨᠦᠬᠦᠴᠡᠯ ᠳᠤ | ᠨᠡᠶᠢᠴᠡᠬᠦ ᠦᠭᠡᠢ ᠶᠢ ᠴᠠᠭ ᠲᠤᠬᠠᠢ ᠳᠤᠨᠢ ᠪᠤᠴᠠᠭᠠᠬᠤ ᠶᠢᠨ ᠬᠠᠮᠲᠤ ᠰᠢᠯᠲᠠᠭᠠᠨ ᠢ ᠨᠢ ᠮᠡᠳᠡᠭᠳᠡᠨ᠎ᠡ︔ ᠰᠢᠯᠭᠠᠨ | ᠠᠪᠬᠤ ᠨᠦᠬᠦᠴᠡᠯ ᠳᠤ ᠨᠡᠶᠢᠴᠡᠬᠦ ᠳᠤᠨᠢ᠂ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠤᠯᠤᠭᠰᠠᠨ ᠡᠳᠥᠷ ᠠᠴᠠ | ᠡᠬᠢᠯᠡᠨ 3 ᠰᠠᠷ᠎ᠠ ᠶᠢᠨ ᠳᠤᠲᠤᠷ᠎ᠠ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠵᠤᠬᠢᠶᠠᠨ ᠪᠠᠶᠢᠭᠤᠯᠬᠤ ᠶᠢᠨ | ᠬᠠᠮᠲᠤ ᠰᠢᠯᠭᠠᠨ ᠠᠪᠤᠭᠰᠠᠨ ᠦᠷ᠎ᠡ ᠳ᠋ᠦᠡᠭ ᠢ ᠨᠡᠶᠢᠲᠡᠯᠡᠨ᠎ᠡ᠃ | ᠬᠠᠷᠢᠭᠤᠴᠠᠬᠤ ᠭᠠᠵᠠᠷ ᠬᠡᠷ ᠬᠢᠭᠡᠳ ᠬᠠᠷᠢᠯᠴᠠᠬᠤ ᠠᠷᠭ᠎ᠠ ᠮᠠᠶ᠋ᠢᠭ | ᠬᠦᠯᠢᠶᠡᠨ ᠠᠪᠴᠤ ᠬᠦᠢᠴᠡᠳᠭᠡᠬᠦ ᠰᠠᠯᠠᠭ᠎ᠠ ᠮᠦᠴᠢᠷ᠄ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠭᠠᠵᠠᠷ | ᠬᠠᠷᠢᠯᠴᠠᠬᠤ ᠬᠦᠮᠦᠨ᠄ ᠰᠢᠩ ᠰᠢᠶᠠᠩ ᠳ᠋ᠠ | ᠬᠠᠷᠢᠯᠴᠠᠬᠤ ᠳ᠋ᠢᠶᠠᠩᠬᠤᠸᠠ᠄ 0471-6968635 | ᠳᠦᠷᠰᠥᠲᠦ ᠴᠠᠬᠢᠯᠭᠠᠨ ᠤ ᠳ᠋ᠢᠶᠠᠩᠬᠤᠸᠠ᠄ 0471-6968635 | ᠬᠢᠨᠠᠯᠲᠠ ᠲᠠᠯᠪᠢᠬᠤ ᠰᠠᠯᠠᠭ᠎ᠠ ᠮᠦᠴᠢᠷ᠄ ᠦᠪᠦᠷ ᠮᠤᠩᠭᠤᠯ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠬᠢᠨᠠᠨ ᠪᠠᠶᠢᠴᠠᠭᠠᠬᠤ ᠬᠡᠷ | ᠬᠢᠨᠠᠯᠲᠠ ᠲᠠᠯᠪᠢᠬᠤ ᠳ᠋ᠢᠶᠠᠩᠬᠤᠸᠠ᠄ 0471-6968972 |