2015 ᠣᠨ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠨᠠᠷ ᠤᠨ ᠬᠢᠷᠢ | ᠬᠡᠮ ᠢ ᠲᠣᠭᠲᠠᠭᠠᠬᠤ ︽ᠰᠤᠷᠭᠠᠨ ᠬᠦᠮᠥᠵᠢᠯ ᠤᠨ ᠤᠬᠠᠭᠠᠨ︾ ᠪᠠ ︽ᠰᠤᠷᠭᠠᠨ ᠬᠦᠮᠦᠵᠢᠯ ᠤᠨ ᠰᠡᠳᠬᠢᠴᠡ ᠶᠢᠨ | ᠵᠦᠢ︾ ᠶᠢᠨ ᠰᠢᠯᠭᠠᠯᠲᠠ ᠶᠢᠨ ᠬᠠᠭᠤᠳᠠᠰᠤ ᠶᠢ ᠬᠢᠨᠠᠬᠤ ᠠᠵᠢᠯ ᠲᠠᠭᠤᠰᠪᠠ᠃ ᠰᠢᠯᠭᠠᠭᠤᠯᠤᠭᠰᠠᠳ ᠥᠪᠥᠷ | ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠠᠬᠢ ︽ᠪᠠᠭᠰᠢ ᠨᠠᠷ ᠤᠨ ᠬᠢᠷᠢ | ᠬᠡᠮ ᠤᠨ ᠰᠢᠯᠭᠠᠯᠲᠠ︾ ᠶᠢᠨ ᠰᠤᠪᠠᠭ ᠢᠶᠠᠷ ᠬᠢᠷᠢ ᠪᠦᠲᠦᠮᠵᠢ ᠪᠠᠨ ᠬᠠᠶᠢᠨ ᠯᠠᠪᠯᠠᠵᠤ ᠪᠣᠯᠣᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠯᠭᠠᠯᠲᠠ ᠳᠤ ᠰᠠᠬᠢᠯᠭ᠎ᠠ ᠵᠥᠷᠢᠴᠡᠵᠦ ᠭᠡᠮ ᠬᠢᠭᠰᠡᠨ | ᠰᠢᠯᠭᠠᠭᠤᠯᠤᠭᠰᠠᠳ ᠢ 393 ᠬᠥᠮᠥᠨ ᠢᠯᠡᠷᠡᠭᠦᠯᠵᠦ᠂ ᠰᠤᠷᠭᠠᠨ ᠬᠦᠮᠦᠵᠢᠯ ᠤᠨ ᠶᠠᠮᠤᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠪᠦᠷᠢᠯᠡᠪᠡ᠃ ᠰᠢᠯᠭᠠᠭᠤᠯᠤᠭᠰᠠᠳ ᠬᠡᠷᠪᠡ ᠰᠢᠯᠭᠠᠯᠲᠠ ᠶᠢᠨ ᠬᠢᠷᠢ ᠪᠦᠲᠦᠮᠵᠢ ᠳᠡᠭᠡᠨ | ᠣᠨᠳᠣᠣ ᠰᠠᠨᠠᠯ ᠲᠠᠢ ᠪᠣᠯ ᠬᠢᠷᠢ ᠪᠦᠲᠦᠮᠵᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠦ 5 ᠳ᠋ᠤᠭᠠᠷ ᠰᠠᠷ᠎ᠠ ᠶᠢᠨ 8 ᠤ | ᠡᠳᠦᠷ ᠤᠨ 18 ᠴᠠᠭ ᠪᠣᠯᠲᠠᠯᠠᠬᠢ ᠬᠤᠭᠤᠴᠠᠭᠠᠨ ᠳᠤ ᠲᠠᠪᠲᠠᠨ ᠪᠠᠶᠢᠴᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ | ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ ᠳᠠᠬᠢ ︽ᠪᠠᠭᠰᠢ | ᠨᠠᠷ ᠤᠨ ᠬᠢᠷᠢ ᠬᠡᠮ ᠤᠨ ᠰᠢᠯᠭᠠᠯᠲᠠ︾ ᠶᠢᠨ ᠰᠤᠪᠠᠭ ᠢᠶᠠᠷ 2015 ᠣᠨ ᠳᠠᠬᠢ ᠥᠪᠥᠷ ᠮᠣᠩᠭᠤᠯ ᠤᠨ ᠪᠠᠭᠰᠢ | ᠨᠠᠷ ᠤᠨ ᠬᠢᠷᠢ ᠬᠡᠮ ᠤᠨ ᠰᠢᠯᠭᠠᠯᠲᠠ ᠶᠢᠨ ᠬᠢᠷᠢ ᠪᠦᠲᠦᠮᠵᠢ ᠪᠠᠨ ᠰᠦᠯᠵᠢᠶᠡᠨ ᠳᠡᠭᠡᠷ᠎ᠡ ᠳᠠᠪᠲᠠᠨ ᠪᠠᠶᠢᠴᠠᠭᠠᠯᠭᠠᠵᠤ | ᠪᠣᠯᠣᠨ᠎ᠠ᠂ ᠲᠡᠭᠡᠬᠦ ᠳᠡᠭᠡᠨ᠂ ᠰᠦᠯᠵᠢᠶ᠎ᠡ ᠶᠢᠨ ᠰᠠᠨᠠᠭᠤᠯᠵᠤ ᠪᠠᠶᠢᠭ᠎ᠠ ᠱᠠᠭᠠᠷᠳᠠᠯᠭ᠎ᠠ ᠶᠣᠰᠣᠭᠠᠷ ᠳᠠᠪᠲᠠᠨ | ᠪᠠᠶᠢᠴᠠᠭᠠᠯᠭᠠᠬᠤ ᠠᠭᠤᠯᠭ᠎ᠠ ᠪᠠᠨ ᠪᠢᠴᠢᠵᠦ ᠣᠷᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠬᠢᠨ ᠳᠠᠪᠲᠠᠨ ᠪᠠᠶᠢᠴᠠᠭᠠᠯᠲᠠ ᠬᠢᠭᠰᠡᠨ ᠤ ᠳᠠᠷᠠᠭ᠎ᠠ | ᠪᠠᠷ ᠰᠦᠯᠵᠢᠶᠡᠨ ᠳᠡᠭᠡᠷ᠎ᠡ ᠳᠠᠪᠲᠠᠨ ᠪᠠᠶᠢᠴᠠᠭᠠᠯᠭᠠᠭᠰᠠᠨ ᠳ᠋ᠦᠩ ᠢᠶᠠᠨ ᠰᠤᠷᠠᠭᠯᠠᠨ ᠯᠠᠪᠯᠠᠵᠤ ᠪᠣᠯᠣᠨ᠎ᠠ᠃ |