ᠰᠢᠯᠢ ᠶᠢᠨ ᠭᠤᠣᠯ ᠠᠶᠢᠮᠠᠭ ᠬᠥᠴᠦᠲᠠᠢ ᠠᠷᠭ᠎ᠠ ᠠᠷᠭ᠎ᠠ ᠬᠡᠮᠵᠢᠶ᠎ᠡ ᠠᠪᠴᠤ ᠠᠷᠪᠠ ᠪᠠᠷ ᠪᠦᠬᠦᠨ ᠢ ᠬᠠᠮᠤᠷᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2015/6/1
     ᠰᠢᠯᠢ ᠶᠢᠨ ᠭᠤᠣᠯ ᠠᠶᠢᠮᠠᠭ 2015 ᠣᠨ ᠤ ᠠᠷᠪᠠ ᠪᠠᠷ ᠪᠦᠬᠦᠨ ᠢ ᠬᠠᠮᠣᠷᠬᠤ ᠢᠨᠵᠧᠨᠧᠷᠢᠩ ᠳᠤ 30.5 ᠳ᠋ᠦᠩᠰᠢᠭᠤᠷ ᠲᠥᠬᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠪᠡ᠂ ᠡᠭᠦᠨ ᠳᠤ᠄ ᠲᠦᠷᠥᠯ ᠵᠦᠢᠯ ᠤᠨ ᠪᠡᠯᠡ ᠮᠥᠩᠭᠦ 24.1 ᠳ᠋ᠦᠩᠰᠢᠭᠤᠷ ᠲᠥᠬᠦᠷᠢᠭ ︵ᠲᠥᠪ ᠤᠨ ᠪᠡᠯᠡ ᠣᠷᠣᠭᠤᠯᠤᠯᠲᠠ 3.5 ᠳ᠋ᠦᠩᠰᠢᠭᠤᠷ ᠲᠥᠬᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ 6 ᠳ᠋ᠦᠩᠰᠢᠭᠤᠷ ᠲᠥᠬᠦᠷᠢᠭ᠂ ᠰᠢᠯᠢ ᠶᠢᠨ ᠭᠤᠣᠯ ᠠᠶᠢᠮᠠᠭ 2.6 ᠳ᠋ᠦᠩᠰᠢᠭᠤᠷ ᠲᠥᠬᠦᠷᠢᠭ ᠢᠵᠢ ᠪᠦᠷᠢᠳᠦᠭᠦᠯᠵᠦ᠂ ᠬᠤᠰᠢᠭᠤ ᠰᠢᠶᠠᠨ ᠬᠤᠲᠠ ᠲᠣᠭᠤᠷᠢᠭ 3.4 ᠳ᠋ᠦᠩᠰᠢᠭᠤᠷ ᠲᠥᠬᠦᠷᠢᠭ ᠢᠵᠢ ᠪᠦᠷᠢᠳᠦᠭᠦᠯᠵᠦ᠂ ᠠᠵᠤ ᠠᠬᠤᠶᠢᠯᠠᠯ 4.7 ᠳ᠋ᠦᠩᠰᠢᠭᠤᠷ ᠲᠥᠬᠦᠷᠢᠭ ᠥᠪᠡᠷ ᠢᠶᠠᠨ ᠴᠤᠭᠯᠠᠭᠤᠯᠵᠤ᠂ ᠮᠠᠯᠴᠢᠨ ᠲᠠᠷᠢᠶᠠᠴᠢᠳ 3.9 ᠳ᠋ᠦᠩᠰᠢᠭᠤᠷ ᠲᠥᠬᠦᠷᠢᠭ ᠥᠪᠡᠷ ᠢᠶᠠᠨ ᠴᠣᠭᠯᠠᠭᠤᠯᠤᠨ᠎ᠠ︶᠂ ᠠᠶᠢᠮᠠᠭ ᠬᠤᠰᠢᠭᠤᠨ ᠤ ᠡᠳ᠋ ᠤᠨ ᠵᠠᠰᠠᠭ 6.4 ᠳ᠋ᠦᠩᠰᠢᠭᠤᠷ ᠲᠥᠬᠦᠷᠢᠭ ᠥᠪᠡᠷ ᠢᠶᠠᠨ ᠴᠣᠭᠯᠠᠭᠤᠯᠤᠨ᠎ᠠ᠃ ᠨᠢᠭᠡ ᠳᠤ ᠲᠥᠷᠥᠯ ᠵᠦᠢᠯ ᠤᠨ ᠪᠡᠯᠡ ᠮᠥᠩᠭᠦ ᠶᠢ ᠴᠠᠭ ᠲᠣᠬᠠᠢ ᠳᠤᠨᠢ ᠭᠦᠢᠴᠡᠳ ᠲᠤᠭ᠎ᠠ ᠪᠠᠷ ᠣᠷᠣᠨ ᠪᠠᠶᠢᠷᠢ ᠳᠤᠨᠢ ᠬᠦᠷᠦᠭᠦᠯᠬᠦ ᠶᠢ ᠦᠨᠡᠨᠬᠦ  ᠪᠠᠲᠤᠯᠠᠪᠠ᠃ ᠡᠯ᠎ᠡ ᠭᠠᠵᠠᠷ ᠤᠨ ᠬᠢᠨ ᠢ ᠲᠥᠪ᠂ ᠥᠪᠡᠷᠲᠡᠭᠡᠨ ᠵᠠᠰᠠᠬᠤ ᠣᠷᠣᠨ ᠪᠤᠯᠤᠨ ᠠᠶᠢᠮᠠᠭ ᠤᠨ  ᠱᠠᠲᠤᠨ ᠤ ᠪᠡᠯᠡ ᠮᠥᠩᠭᠦ ᠳᠤ ᠴᠥᠮ ᠲᠤᠰᠬᠠᠶ ᠳᠠᠩᠰᠠ ᠪᠠᠶᠢᠭᠤᠯᠬᠤ᠂ ᠲᠤᠰᠬᠠᠶ ᠬᠥᠮᠦᠨ ᠢᠶᠠᠷ  ᠬᠠᠮᠢᠶᠠᠷᠠᠭᠤᠯᠬᠤ᠂ ᠪᠢᠲᠡᠭᠦᠦ ᠪᠠᠷ ᠡᠷᠬᠢᠯᠳᠦᠭᠦᠯᠬᠦ᠂ ᠲᠤᠰᠬᠠᠶ ᠵᠦᠢᠯ ᠳᠤᠨᠢ ᠬᠡᠷᠡᠭᠯᠡᠬᠦ ᠶᠢ ᠱᠠᠭᠠᠷᠳᠠᠪᠠ᠃ ᠣᠳᠣᠬᠠᠨ ᠳᠤ᠂ ᠳᠡᠭᠡᠳᠦ ᠱᠠᠲᠤᠨ ᠤ ᠪᠤᠳᠠᠳᠠᠶᠢᠵᠢᠭᠤᠯᠤᠭᠰᠠᠨ ᠪᠡᠯᠡ ᠮᠥᠩᠭᠦ ᠶᠢ ᠪᠦᠬᠦᠨ ᠢ ᠬᠤᠰᠢᠭᠤ ᠰᠢᠶᠠᠨ ᠳᠤ ᠰᠠᠯᠭᠠᠨ ᠥᠭᠪᠡ᠃ ᠬᠤᠶᠠᠷ ᠲᠤ ᠢᠵᠢ ᠪᠦᠷᠢᠳᠦᠭᠦᠯᠬᠦ ᠪᠡᠯᠡ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠬᠤ ᠶᠢ ᠦᠨᠡᠨᠬᠦ ᠪᠠᠲᠤᠯᠠᠪᠠ᠃ 2015 ᠣᠨ ᠳᠤ᠂ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠲᠥᠰᠦᠪ ᠢᠵᠢ ᠪᠦᠷᠢᠳᠦᠭᠦᠯᠬᠦ ᠪᠡᠯᠡ ᠮᠥᠩᠭᠦ ᠶᠢ 2.6 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠤᠨ ᠲᠥᠰᠦᠪ ᠢᠵᠢ ᠪᠦᠷᠢᠳᠦᠭᠦᠯᠬᠦ ᠪᠡᠯᠡ ᠮᠥᠩᠭᠦ  ᠶᠢ 2.84 ᠳ᠋ᠦᠩᠰᠢᠭᠤᠷ ᠲᠥᠭᠦᠷᠢᠭ ᠲᠣᠬᠢᠷᠠᠭᠤᠯᠪᠠ᠃ ᠭᠤᠷᠪᠠ ᠳᠤ ᠳᠤᠲᠠᠭᠳᠠᠵᠤ ᠪᠠᠶᠢᠭ᠎ᠠ ᠪᠡᠯᠡ ᠮᠥᠩᠭᠦ ᠶᠢ ᠢᠳᠡᠪᠬᠢᠲᠡᠶ ᠪᠠᠷ ᠠᠷᠭᠠᠴᠠᠭᠠᠪᠠ᠃ 4 ᠳ᠋ᠦ᠋ᠭᠡᠷ ᠰᠠᠷ᠎ᠠ ᠶᠢᠨ 30᠎ ᠤ ᠡᠳᠦᠷ᠂ ᠠᠶᠢᠮᠠᠭ ᠶᠢᠨ  ᠵᠠᠬᠢᠷᠭ᠎ᠠ ᠶᠢᠨ ᠪᠠᠶᠢᠩᠭᠤ ᠶᠢᠨ ᠬᠤᠷᠠᠯ ᠎ ᠨᠢ ᠠᠷᠪᠠ ᠪᠠᠷ ᠪᠦᠬᠦᠨ ᠢ ᠬᠠᠮᠤᠷᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠤᠴᠢᠷ ᠢ ᠲᠤᠰᠬᠠᠢ ᠰᠡᠳᠦᠪ ᠢᠶᠠᠷ ᠰᠤᠳᠤᠯᠵᠤ᠂ ᠢᠵᠢ ᠪᠦᠷᠢᠳᠦᠭᠦᠯᠬᠦ ᠮᠥᠩᠭᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠯᠢ ᠶᠢᠨ ᠭᠤᠣᠯ ᠤᠨ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠳᠠᠬᠢᠨ 4 ᠳ᠋ᠦᠩᠰᠢᠭᠤᠷ ᠲᠥᠬᠦᠷᠢᠭ ᠤᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠥᠪᠡᠷ ᠢᠶᠠᠨ ᠴᠤᠭᠯᠠᠭᠤᠯᠬᠤ ᠮᠥᠩᠭᠦ ᠲᠣᠬᠢᠷᠠᠭᠤᠯᠬᠤ ᠪᠠᠷ ᠲᠣᠭᠲᠠᠪᠠ᠃ ᠣᠳᠣᠬᠠᠨ ᠳᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠠᠶᠢᠮᠠᠭ ᠤᠨ ᠱᠠᠲᠤᠨ ᠤ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠶᠢ 5000 ᠲᠦᠮᠡᠨ ᠲᠥᠭᠦᠷᠢᠭ ᠪᠠᠭᠤᠯᠭᠠᠪᠠ᠃ ᠳᠥᠷᠪᠡ ᠳᠤ ᠮᠠᠯᠴᠢᠨ ᠲᠠᠷᠢᠶᠠᠴᠢᠳ ᠢ ᠳᠠᠶᠢᠴᠢᠯᠠᠨ ᠪᠡᠯᠡ  ᠴᠤᠭᠯᠠᠭᠤᠯᠵᠤ ᠬᠥᠳᠡᠯᠮᠦᠷᠢ ᠬᠦᠴᠦ ᠭᠠᠷᠭᠠᠯᠭᠠᠪᠠ᠃ ︽ᠰᠢᠯᠢ ᠶᠢᠨ ᠭᠤᠣᠯ ᠠᠶᠢᠮᠠᠭ ᠤᠨ ᠠᠷᠪᠠ ᠪᠠᠷ ᠪᠦᠬᠦᠨ ᠢ ᠬᠠᠮᠤᠷᠬᠤ ᠢᠨᠵᠧᠨᠧᠷᠢᠩ ᠤᠨ ᠤᠬᠠᠭᠤᠯᠭ᠎ᠠ ᠶᠢᠨ ᠮᠠᠲ᠋ᠧᠷᠢᠶᠠᠯ ︵ᠯᠠᠪᠯᠠᠯᠲᠠ ᠪᠣᠯᠭᠠᠬᠤ ᠦᠯᠢᠭᠡᠷ ᠬᠡᠪ︶︾᠎ ᠢ ᠲᠣᠭᠲᠠᠭᠠᠭᠰᠠᠨ ᠤ ᠬᠠᠮᠲᠤ ᠳᠠᠷᠤᠮᠠᠯᠯᠠᠨ ᠲᠠᠷᠬᠠᠭᠠᠵᠤ᠂ ᠤᠬᠠᠭᠤᠯᠬᠤ ᠡᠷᠴᠢᠮ ᠢᠶᠠᠨ  ᠨᠡᠮᠡᠭᠳᠡᠭᠦᠯᠦᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠪᠣᠯᠣᠨ ᠥᠷᠭᠡᠨ ᠣᠯᠠᠨ ᠮᠠᠯᠴᠢᠨ  ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠳ ᠤᠨ ᠰᠠᠨᠠᠭᠠᠴᠢᠯᠠᠭ᠎ᠠ ᠲᠠᠢ ᠪᠠᠷ ᠪᠡᠯᠡ ᠴᠤᠭᠯᠠᠭᠤᠯᠵᠤ ᠬᠥᠳᠡᠯᠮᠦᠷᠢ ᠬᠦᠴᠦ ᠭᠠᠷᠭᠠᠬᠤ  ᠶᠢ ᠬᠥᠲᠥᠯᠥᠨ ᠵᠢᠯᠣᠭᠤᠳᠴᠤ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠦᠭᠡᠷᠡᠴᠢᠯᠡᠨ  ᠵᠠᠰᠠᠬᠤ᠂ ᠬᠦᠷᠢᠶ᠎ᠡ ᠬᠠᠰᠢᠶ᠎ᠠ ᠶᠢ ᠨᠤᠷᠠᠭᠠᠵᠤ ᠵᠠᠰᠠᠬᠤ ᠵᠡᠷᠭᠡ ᠪᠠᠷᠢᠯᠭ᠎ᠠ ᠳᠠᠬᠢ ᠮᠠᠯᠴᠢᠨ ᠲᠠᠷᠢᠶᠠᠴᠢᠳ ᠤᠨ ᠥᠪᠡᠷ ᠲᠡᠭᠡᠨ ᠪᠡᠯᠡ ᠴᠤᠭᠯᠠᠭᠤᠯᠬᠤ ᠬᠠᠷᠢᠴᠠᠯ ᠢ 30%᠎ ᠠᠴᠠ ᠳᠣᠣᠷ᠎ᠠ ᠪᠠᠶᠢᠯᠭᠠᠬᠤ ᠦᠭᠡᠢ ᠪᠠᠷ ᠱᠠᠭᠠᠷᠳᠠᠪᠠ᠃ ᠲᠠᠪᠤ ᠳᠤ ᠪᠡᠯᠡ ᠮᠥᠩᠭᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠯᠠᠨ᠎ᠠ᠃ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠰᠠᠯᠠᠭ᠎ᠠ ᠮᠦᠴᠢᠷ ︽ᠠᠷᠪᠠ ᠪᠠᠷ ᠪᠦᠬᠦᠨ ᠢ ᠬᠠᠮᠤᠷᠬᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠬᠠᠮᠲᠤᠷᠠᠨ ᠲᠣᠭᠲᠠᠭᠠᠭᠰᠠᠨ ᠤ ᠬᠠᠮᠲᠤ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠤᠨ ᠪᠡᠯᠡ ᠮᠥᠩᠭᠦ ᠎ ᠶᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠪᠠ᠃ ᠡᠭᠦᠨ ᠤ ᠬᠠᠮᠲᠤ᠂ ᠰᠢᠯᠢ ᠶᠢᠨ ᠭᠤᠣᠯ ᠠᠶᠢᠮᠠᠭ ᠤᠨ  ᠱᠠᠲᠤ ᠨᠢ ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠢᠶᠠᠷ ᠪᠦᠷᠢᠯᠳᠦᠭᠰᠡᠨ ᠠᠷᠪᠠ ᠪᠠᠷ ᠪᠦᠬᠦᠨ ᠢ ᠬᠠᠮᠤᠷᠬᠤ ᠲᠥᠷᠥᠯ ᠵᠦᠢᠯ ᠪᠡᠯᠡ ᠮᠥᠩᠭᠦ ᠶᠢ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠡᠯ᠎ᠡ ᠭᠠᠵᠠᠷ ᠲᠤ ᠬᠦᠷᠦᠭᠦᠯᠦᠨ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠯᠲᠠ ᠬᠢᠯᠭᠡᠵᠦ᠂ ᠠᠰᠠᠭᠤᠳᠠᠯ  ᠪᠠᠶᠢᠬᠤ ᠶᠢ ᠣᠯᠵᠣ ᠮᠡᠳᠡᠪᠡᠯ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠲᠤ ᠴᠠᠭ ᠲᠣᠬᠠᠢ ᠳᠤᠨᠢ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠲᠤᠰᠬᠠᠢ ᠵᠦᠢᠯ  ᠬᠡᠷᠡᠭᠯᠡᠬᠦᠯᠬᠦ ᠶᠢ ᠦᠨᠡᠨᠬᠦ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号