ᠪᠠᠶᠠᠨᠨᠠᠭᠤᠷ ᠬᠤᠲᠠ ᠶᠢᠨ ᠢᠳᠡᠭᠡᠨ ᠤ ᠪᠠ ᠡᠮ ᠤᠨ ᠵᠦᠢᠯ ᠤᠨ ᠰᠢᠯᠭᠠᠨ ᠪᠠᠶᠢᠴᠠᠭᠠᠬᠤ ᠭᠠᠵᠠᠷ ᠤᠨ | ᠡᠭᠦᠷᠭᠡᠯᠡᠵᠦ ᠪᠠᠶᠢᠭ᠎ᠠ ᠮᠣᠩᠭᠤᠯ ᠡᠮ ᠨᠠᠶᠢᠷᠠᠯᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠣᠳᠣᠬᠠᠨ ᠳᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ | ᠲᠥᠷᠥᠯ ᠵᠦᠢᠯ ᠤᠨ ᠭᠡᠷ᠎ᠡ ᠶᠢᠨ ᠱᠠᠭᠠᠷᠳᠠᠯᠭ᠎ᠠ ᠶᠣᠰᠣᠭᠠᠷ ᠦᠨᠳᠦᠰᠦᠨ ᠳᠡᠭᠡᠨ ᠪᠡᠶᠡᠯᠡᠭᠦᠯᠪᠡ᠃ ᠲᠤᠰ ᠭᠠᠵᠠᠷ ᠨᠢ | ᠶᠡᠭᠡ ᠬᠡᠮᠵᠢᠶᠡᠨ ᠤ ᠲᠤᠷᠰᠢᠯᠲᠠ ᠪᠠᠷ ᠳᠠᠮᠵᠢᠭᠤᠯᠤᠨ᠂ ᠡᠮ ᠨᠠᠶᠢᠷᠠᠭᠤᠯᠬᠤ ᠬᠡᠮᠵᠢᠶ᠎ᠡ ᠶᠢ ᠬᠡᠮᠵᠢᠨ ᠲᠣᠭᠲᠠᠭᠠᠬᠤ ᠶᠢᠨ | ᠬᠠᠮᠲᠤ ᠣᠨᠣᠯ ᠤᠨ ᠥᠷᠲᠡᠭ ᠢ ᠦᠨᠳᠦᠰᠦᠯᠡᠨ ᠬᠢᠵᠠᠭᠠᠷᠯᠠᠬᠤ ᠲᠣᠭᠲᠠᠭᠠᠯ ᠭᠠᠷᠭᠠᠵᠤ᠂ ᠡᠮ ᠤᠨ ᠦᠢᠯᠡᠳᠦᠯ | ᠭᠤᠣᠯᠴᠢᠯᠠᠨ ᠵᠠᠰᠠᠬᠤ ᠡᠪᠡᠳᠴᠢᠨ ᠤ ᠲᠤᠬᠠᠶ ᠲᠣᠳᠣᠷᠬᠠᠶᠢᠯᠠᠵᠤ᠂ ᠪᠣᠳᠠᠲᠠᠶ ᠬᠡᠷᠡᠭᠯᠡᠬᠦ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠳᠠᠭᠠᠤ ᠪᠣᠳᠠᠲᠠᠶ ᠬᠡᠷᠡᠭᠯᠡᠬᠦ ᠳᠤ ᠳᠥᠭᠦᠮ ᠦᠵᠡᠭᠦᠯᠬᠦ ᠵᠠᠷᠴᠢᠮ ᠢ ᠦᠨᠳᠦᠰᠦᠯᠡᠨ ᠪᠣᠭᠤᠵᠤ | ᠪᠠᠭᠯᠠᠬᠤ ᠬᠡᠪ ᠪᠠᠷᠢᠮᠵᠢᠶ᠎ᠠ ᠶᠢ ᠲᠣᠭᠲᠠᠭᠠᠵᠠᠢ ᠃ ᠲᠤᠰ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠤ ᠲᠤᠭᠤᠷᠪᠢᠵᠤ ᠪᠡᠶᠡᠯᠡᠭᠦᠯᠦᠭᠰᠡᠨ 12 ᠵᠦᠢᠯ ᠤᠨ ᠮᠣᠩᠭᠤᠯ ᠡᠮ ᠨᠠᠶᠢᠷᠠᠯᠭ᠎ᠠ ᠶᠢᠨ ᠪᠠᠷᠢᠮᠵᠢᠶ᠎ᠠ ᠶᠢ ᠣᠳᠣ | ᠨᠢᠭᠡᠨᠲᠡ ︽ᠥᠪᠥᠷ ᠮᠣᠩᠭᠤᠯ ᠤᠨ ᠮᠣᠩᠭᠤᠯ ᠡᠮ ᠨᠠᠶᠢᠷᠠᠯᠭ᠎ᠠ ᠶᠢᠨ ᠳᠦᠷᠢᠮᠵᠢᠯ︾ ᠳᠤ ᠣᠷᠤᠭᠤᠯᠪᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠮᠣᠩᠭᠤᠯ ᠡᠮ ᠨᠠᠶᠢᠷᠠᠯᠭ᠎ᠠ ᠶᠢᠨ ᠪᠠᠷᠢᠮᠵᠢᠶ᠎ᠠ ᠶᠢ ᠲᠤᠭᠤᠷᠪᠢᠬᠤ ᠠᠵᠢᠯ ᠨᠢ | ᠬᠡᠰᠡᠭ ᠮᠣᠩᠭᠤᠯ ᠡᠮ ᠨᠠᠶᠢᠷᠠᠯᠭ᠎ᠠ ᠶᠢᠨ ︽ᠪᠡᠶ᠎ᠡ ᠶᠢᠨ ᠦᠨᠡᠮᠯᠡᠯ︾ ᠢ ᠲᠣᠭᠲᠠᠭᠠᠵᠤ᠂ ᠮᠣᠩᠭᠤᠯ ᠡᠮ ᠨᠠᠶᠢᠷᠠᠯᠭ᠎ᠠ ᠶᠢ | ᠡᠮᠴᠢᠯᠡᠭᠡᠨ ᠳᠤ ᠬᠡᠷᠡᠭᠯᠡᠬᠦ ᠲᠠᠯ᠎ᠠ ᠪᠠᠷ ᠬᠡᠮᠵᠢᠶ᠎ᠡ ᠲᠣᠭᠲᠠᠭᠠᠭᠰᠠᠨ ᠨᠢ ᠣᠨᠣᠪᠴᠢ ᠦᠭᠡᠢ ᠠᠴᠠ ᠪᠣᠯᠵᠤ ᠣᠷᠣᠰᠢᠵᠤ | ᠪᠠᠶᠢᠭᠰᠠᠨ ᠭᠡᠮ ᠰᠣᠭᠤᠭ ᠢ ᠰᠢᠢᠳᠪᠦᠷᠢᠯᠡᠬᠦ ᠳᠤ ᠠᠰᠢᠭᠲᠠᠶ ᠪᠣᠯᠭᠠᠵᠤ᠂ ᠦᠨᠳᠦᠰᠦᠲᠡᠨ ᠤ ᠡᠮ ᠡᠮᠨᠡᠯᠭᠡ ᠶᠢᠨ | ᠦᠢᠯᠡᠰ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠪᠠ᠃ | | |