ᠥᠪᠥᠷ ᠮᠣᠩᠭᠤᠯ ᠠᠶᠢᠽ ᠡᠪᠡᠳᠴᠢᠨ ᠥᠩᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2015/6/12
     ᠣᠶᠢᠷ᠎ᠠ ᠳᠤ᠂ ᠪᠦᠬᠦ ᠣᠷᠣᠨ ᠤ ᠠᠶᠢᠽ ᠡᠪᠡᠳᠴᠢᠨ ᠥᠩᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠪᠦᠬᠦ ᠣᠷᠣᠨ ᠤ 12 ᠠᠶᠢᠮᠠᠭ ᠬᠤᠲᠠ ᠶᠢᠨ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠶᠢᠽ ᠡᠪᠡᠳᠴᠢᠨ ᠢ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ ᠶᠢ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ ᠵᠢᠴᠢ ᠤᠯᠤᠰ ᠤᠨ ᠳᠡᠰ ᠤᠨ ᠲᠠᠪᠤᠨ ᠵᠢᠱᠢᠶ᠎ᠡ ᠦᠵᠡᠭᠦᠯᠬᠦ ᠣᠷᠣᠨ ᠪᠤᠯᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠪᠤᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠠᠯᠪᠠᠨ ᠭᠡᠷ ︵ᠡᠷᠡᠭᠦᠯ ᠬᠠᠮᠠᠭᠠᠯᠠᠯ ᠤᠨ ᠲᠣᠪᠴᠢᠶ᠎ᠠ︶᠂ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠤᠷᠤᠨ ᠢ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠤᠯᠤᠨ ᠠᠵᠢᠯᠲᠠᠨ ᠨᠡᠶᠢᠲᠡ 79 ᠬᠥᠮᠦᠨ ᠬᠤᠷᠠᠯ ᠳᠤ ᠣᠷᠣᠯᠴᠠᠵᠠᠶ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠭᠠᠵᠠᠷ ᠪᠤᠯᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠭᠤᠴᠠᠯᠭᠠᠲᠠᠳ ᠬᠤᠷᠠᠯ ᠡᠬᠢᠯᠡᠬᠦ ᠶᠣᠰᠣᠯᠠᠯ ᠳᠡᠭᠡᠷ᠎ᠡ ᠲᠤᠰ ᠲᠤᠰ ᠶᠠᠷᠢᠶ᠎ᠠ ᠲᠠᠯᠪᠢᠵᠤ᠂ ᠡᠨᠡ ᠵᠢᠯ ᠤᠨ ᠠᠶᠢᠽ ᠡᠪᠡᠳᠴᠢᠨ ᠥᠩᠭᠡᠨ ᠤ ᠡᠪᠡᠳᠴᠢᠨ ᠤᠯᠠᠭᠠᠨ ᠬᠡᠯᠪᠡᠷᠢ ᠶᠢᠨ ᠡᠯᠢᠭᠡᠨ ᠤ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠳᠤ ᠭᠤᠣᠯᠳᠠᠯᠭ᠎ᠠ ᠲᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠥᠩᠭᠡᠨ ᠤ ᠡᠪᠡᠳᠴᠢᠨ ᠠᠶᠢᠽ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠠᠵᠠᠷ ᠵᠡᠷᠭᠡ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠠᠳᠠᠯᠢ ᠪᠤᠰᠤ ᠬᠦᠷᠢᠶ᠎ᠡ ᠠᠴᠠ ᠬᠤᠷᠠᠯ ᠳᠤ ᠣᠷᠣᠯᠴᠠᠭᠰᠠᠨ ᠲᠦᠯᠦᠭᠡᠯᠡᠭᠴᠢᠳ ᠲᠤ ᠥᠪᠡᠷᠲᠡᠭᠡᠨ ᠵᠠᠰᠠᠬᠤ ᠣᠷᠣᠨ ᠤ ᠤᠳᠤᠬᠠᠨ ᠳᠤ ᠠᠶᠢᠽ ᠡᠪᠡᠳᠴᠢᠨ ᠳᠡᠯᠭᠡᠷᠡᠭᠰᠡᠨ ᠪᠠᠶᠢᠳᠠᠯ  ᠪᠤᠯᠤᠨ  ᠰᠡᠷᠭᠡᠶᠢᠯᠡᠨ ᠵᠠᠰᠠᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠦᠨᠡᠯᠡᠯᠲᠡ ᠶᠢᠨ ᠠᠵᠢᠯ ᠲᠠᠢ ᠤᠶᠠᠯᠳᠤᠭᠤᠯᠤᠨ 2015 ᠣᠨ ᠤ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠵᠢᠯ ᠢ ᠬᠡᠷᠬᠢᠨ ᠪᠡᠶᠡᠯᠡᠭᠦᠯᠬᠦ ᠵᠡᠷᠭᠡ ᠠᠭᠤᠯᠭ᠎ᠠ ᠶᠢ ᠲᠠᠶᠢᠯᠪᠤᠷᠢᠯᠠᠪᠠ᠃ ᠬᠤᠷᠠᠯ ᠨᠢ ᠪᠠᠰᠠ ᠤᠳᠤᠬᠢ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠬᠢᠨᠠᠨ ᠬᠡᠮᠵᠢᠬᠦ᠂ ᠬᠠᠮᠢᠶᠠᠷᠬᠤ᠂ ᠰᠢᠯᠭᠠᠨ ᠬᠡᠮᠵᠢᠬᠦ᠂ ᠡᠮᠨᠡᠨ ᠵᠠᠰᠠᠬᠤ᠂ ᠭᠠᠷ ᠲᠦᠷᠦᠭᠦ ᠵᠡᠷᠭᠡ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠵᠢᠴᠢ ᠠᠷᠭᠠᠴᠠᠬᠤ ᠠᠷᠭ᠎ᠠ ᠪᠣᠳᠣᠯᠭ᠎ᠠ ᠶᠢ ᠵᠠᠳᠠᠯᠤᠨ ᠶᠠᠷᠢᠯᠴᠠᠵᠤ᠂ ᠠᠰᠠᠭᠤᠳᠠᠯ ᠢ ᠢᠯᠡ ᠲᠣᠳᠣ ᠪᠤᠯᠭᠠᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠡᠭᠦᠨ ᠤ ᠬᠠᠮᠲᠤ ᠡᠯ᠎ᠡ ᠵᠢᠱᠢᠶ᠎ᠡ ᠦᠵᠡᠭᠦᠯᠬᠦ ᠣᠷᠣᠨ  ᠡᠬᠢᠯᠡᠨ ᠬᠦᠳᠡᠯᠦᠯᠴᠡᠭᠰᠡᠨ ᠠᠴᠠ ᠨᠠᠰᠢᠬᠢ ᠠᠵᠢᠯ ᠤᠨ ᠠᠬᠢᠴᠠ ᠶᠢᠨ ᠪᠠᠶᠢᠳᠠᠯ ᠵᠢᠴᠢ ᠠᠵᠢᠯ ᠤᠨ ᠶᠠᠪᠤᠴᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ ᠲᠤᠭᠠᠴᠢᠭᠰᠠᠨ ᠪᠥᠭᠡᠳ ᠠᠰᠠᠭᠤᠳᠠᠯ ᠪᠤᠯᠤᠨ ᠬᠦᠴᠢᠷᠳᠡᠯ ᠳᠤ ᠴᠢᠭᠯᠡᠭᠦᠯᠦᠨ ᠵᠠᠳᠠᠯᠤᠨ ᠶᠠᠷᠢᠯᠴᠠᠵᠤ᠂ ᠠᠷᠭ᠎ᠠ ᠪᠣᠳᠣᠯᠭ᠎ᠠ᠂ ᠠᠷᠭ᠎ᠠ ᠬᠡᠮᠵᠢᠶ᠎ᠡ ᠬᠠᠨᠭ᠍ᠭᠠᠨ᠂ ᠡᠯ᠎ᠡ ᠵᠢᠱᠢᠶ᠎ᠡ ᠦᠵᠡᠭᠦᠯᠬᠦ ᠣᠷᠣᠨ ᠤ ᠬᠠᠮᠲᠤ ᠶᠢᠨ ᠲᠠᠨᠢᠯᠲᠠ ᠲᠠᠢ ᠪᠤᠯᠪᠠ      ᠲᠤᠰ ᠤᠳᠠᠭᠠᠨ ᠤ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ᠡᠯ᠎ᠡ ᠠᠶᠢᠮᠠᠭ ᠬᠤᠲᠠ ᠵᠢᠴᠢ ᠵᠢᠱᠢᠶ᠎ᠡ ᠦᠵᠡᠭᠦᠯᠬᠦ ᠣᠷᠣᠨ ᠤᠳᠤᠬᠠᠨ ᠳᠤ ᠠᠶᠢᠽ ᠡᠪᠡᠳᠴᠢᠨ ᠢ ᠰᠡᠷᠭᠡᠶᠢᠯᠡᠨ ᠵᠠᠰᠠᠵᠤ ᠪᠠᠶᠢᠭ᠎ᠠ ᠤᠯᠠᠨ ᠤᠯᠤᠰ᠂ ᠤᠯᠤᠰ ᠤᠨ ᠳᠣᠲᠣᠭᠠᠳᠤ ᠪᠤᠯᠤᠨ ᠥᠪᠡᠷᠲᠡᠭᠡᠨ ᠵᠠᠰᠠᠬᠤ ᠣᠷᠣᠨ ᠤ ᠪᠠᠶᠢᠳᠠᠯ ᠪᠤᠯᠤᠨ ᠣᠳᠣᠬᠢ ᠪᠠᠶᠢᠳᠠᠯ ᠢ ᠣᠶᠢᠯᠠᠭᠠᠵᠤ᠂ ᠰᠡᠷᠭᠡᠶᠢᠯᠡᠨ ᠵᠠᠰᠠᠬᠤ ᠠᠵᠢᠯ ᠤᠨ ᠭᠤᠣᠯᠳᠠᠯᠭ᠎ᠠ ᠲᠠᠢ ᠠᠷᠭ᠎ᠠ ᠪᠣᠳᠣᠯᠭ᠎ᠠ ᠪᠤᠯᠤᠨ ᠠᠷᠭ᠎ᠠ ᠬᠡᠮᠵᠢᠶ᠎ᠡ ᠶᠢ ᠲᠤᠲᠤᠷᠬᠠᠶᠢᠯᠠᠭᠰᠠᠨ ᠤ ᠬᠠᠮᠲᠤ  ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠦᠷᠨᠢᠭᠦᠯᠬᠦ ᠰᠢᠨ᠎ᠡ ᠰᠡᠳᠬᠢᠴᠡ ᠪᠣᠯᠤᠨ ᠰᠢᠨ᠎ᠡ ᠠᠷᠭ᠎ᠠ ᠶᠢ ᠰᠤᠷᠤᠯᠴᠠᠵᠤ᠂ ᠰᠡᠳᠬᠢᠴᠡ ᠪᠠᠨ ᠦᠷᠭᠡᠳᠭᠡᠵᠤ᠂ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠶᠡᠷᠦᠩᠭᠡᠶᠢᠯᠡᠨ  ᠰᠡᠷᠭᠡᠶᠢᠯᠡᠨ ᠵᠠᠰᠠᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠶᠢᠨ ᠰᠠᠶᠢᠬᠠᠨ ᠰᠠᠭᠤᠷᠢ ᠲᠠᠯᠪᠢᠵᠤ ᠦᠭᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号