ᠤᠯᠠᠭᠠᠨᠬᠠᠳᠠ ᠬᠤᠲᠠ ᠳᠦᠷᠪᠡᠳᠡᠬᠢ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2015/6/12
     ᠤᠯᠠᠭᠠᠨᠬᠠᠳᠠ ᠬᠤᠲᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠬᠤ ᠪᠠ ᠳᠥᠯᠭᠢᠨ ᠠᠬᠢᠭᠤᠯᠬᠤ ᠶᠢᠨ ᠲᠤᠰᠠᠲᠠ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ︽ᠳᠦᠷᠪᠡᠳᠡᠬᠢ ᠪᠦᠯᠦᠭ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ︾ ᠪᠠ ︽ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠷᠭᠡᠳᠬᠡᠭᠰᠡᠨ ᠲᠦᠷᠦᠯ ᠵᠦᠢᠯ ᠤᠨ ᠨᠡᠷᠡᠰ︾᠎ ᠢ ᠨᠡᠶᠢᠲᠡᠯᠡᠪᠡ᠃ ᠣᠳᠣ ᠪᠣᠯᠲᠠᠯ᠎ᠠ᠂ ᠤᠯᠠᠭᠠᠨᠬᠠᠳᠠ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠲᠦᠷᠦᠯ ᠵᠦᠢᠯ ᠨᠢᠭᠡᠨᠲᠡ 85 ᠵᠦᠢᠯ ᠳᠤ ᠬᠦᠷᠴᠦ᠂ ᠥᠷᠭᠡᠳᠬᠡᠭᠰᠡᠨ ᠨᠢ 4 ᠲᠦᠷᠦᠯ ᠵᠦᠢᠯ ᠪᠠᠶᠢᠨ᠎ᠠ᠃ ᠬᠤᠲᠠ ᠶᠢᠨ ᠵᠠᠰᠠᠭ ᠤᠨ ᠣᠷᠳᠣᠨ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ︽ᠬᠠᠮᠠᠭᠠᠯᠠᠬᠤ ᠪᠠᠷ ᠭᠤᠣᠯ ᠪᠣᠯᠭᠠᠬᠤ᠂  ᠠᠪᠤᠷᠠᠬᠤ ᠶᠢ ᠲᠡᠷᠢᠭᠦᠨ ᠳᠤ ᠪᠠᠶᠢᠯᠭᠠᠬᠤ᠂ ᠵᠦᠶ ᠵᠣᠬᠢᠰᠲᠠᠶ ᠠᠰᠢᠭᠯᠠᠬᠤ ᠂ ᠤᠯᠠᠮᠵᠢᠯᠠᠨ ᠬᠥᠭᠵᠢᠭᠦᠯᠬᠦ︾ ᠠᠵᠢᠯ ᠤᠨ ᠴᠢᠭᠯᠡᠯᠲᠡ ᠶᠢ ᠬᠢᠨᠠᠮᠠᠭᠠᠢ ᠲᠣᠣᠱᠯᠠᠭᠤᠯᠵᠤ᠂  ᠪᠦᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠬᠠᠮᠢᠶᠠᠷᠬᠤ ᠪᠠ ᠵᠦᠶ ᠵᠣᠬᠢᠰᠲᠠᠶ ᠠᠰᠢᠭᠯᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠪᠡ᠃ ᠲᠤᠰ  ᠪᠦᠯᠦᠭ ᠲᠤ ᠨᠡᠶᠢᠲᠡᠯᠡᠭᠰᠡᠨ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠨᠢ ᠨᠡᠶᠢᠲᠡ 17  ᠵᠦᠢᠯ ᠪᠠᠶᠢᠵᠤ᠂ ᠡᠭᠦᠨ ᠳᠤ ᠮᠣᠩᠭᠤᠯ ᠦᠨᠳᠦᠰᠦᠲᠡᠨ ᠤ ᠵᠦᠢᠷ ᠰᠡᠴᠡᠨ ᠦᠭᠡ᠂ ᠠᠷᠤ ᠬᠤᠷᠴᠢᠨ ᠤ ᠠᠷᠠᠳ ᠤᠨ ᠳᠠᠭᠤᠤ᠂ ᠣᠩᠨᠢᠭᠤᠳ ᠤᠨ ᠮᠣᠩᠭᠤᠯ ᠦᠨᠳᠦᠰᠦᠲᠡᠨ ᠤ ᠠᠷᠠᠳ ᠤᠨ ᠳᠠᠭᠤᠤ᠂  ᠨᠢᠩᠴᠧᠩ ᠤᠨ ᠨᠣᠮ ᠤᠨ ᠬᠦᠷᠳᠦᠨ ᠬᠡᠶᠢᠳ ᠤᠨ ᠴᠠᠮ ᠤᠨ ᠪᠥᠵᠢᠭ᠂ ᠥᠯᠵᠡᠶᠢᠲᠦ ᠣᠳᠣᠨ ᠬᠤᠷᠠᠯ᠂ ᠨᠢᠩᠴᠧᠩ ᠤᠨ ᠫᠢᠩᠵᠢᠤᠢ ᠵᠦᠴᠦᠭᠡ᠂ ᠮᠣᠩᠭᠤᠯ ᠰᠢᠲᠠᠷ᠎ᠠ᠂ ᠮᠣᠩᠭᠤᠯ ᠦᠨᠳᠦᠰᠦᠲᠡᠨ ᠤ ᠭᠡᠷ ᠤᠨ ᠡᠳ᠋ᠯᠡᠯ ᠬᠡᠷᠡᠭᠰᠡᠯ ᠤᠨ ᠤᠯᠠᠮᠵᠢᠯᠠᠯᠲᠤ ᠵᠢᠷᠤᠭ᠂ ᠣᠩᠨᠢᠭᠤᠳ ᠤᠨ ᠮᠣᠩᠭᠤᠯ ᠦᠨᠳᠦᠰᠦᠲᠡᠨ ᠤ ᠬᠠᠳᠬᠤᠮᠠᠯ᠂ ᠣᠩᠨᠢᠭᠤᠳ ᠤᠨ ᠮᠣᠩᠭᠤᠯ ᠮᠣᠳᠣᠨ ᠰᠡᠶᠢᠯᠦᠮᠡᠯ᠂ ᠬᠥ᠋ ᠵᠢᠶᠠ ᠶᠣᠣ ᠶᠢᠨ ᠸᠠᠭᠠᠷ ᠤᠨ ᠫᠧᠩᠰᠠ ᠰᠢᠲᠠᠭᠠᠬᠤ ᠤᠷᠠᠨ ᠳᠠᠷᠬ᠎ᠠ᠂ ᠪᠠᠭᠠᠷᠢᠨ ᠵᠢᠷᠤᠭ᠎ᠠ ᠮᠣᠷᠢ ᠰᠤᠷᠭᠠᠵᠤ ᠠᠳᠤᠭᠤᠯᠠᠬᠤ ᠤᠷ᠎ᠠ ᠮᠡᠷᠭᠡᠵᠢᠯ᠂ ᠠᠤᠬᠠᠨ ᠤ ᠰᠠᠭᠠᠭ ᠤᠨ ᠭᠤᠯᠢᠷ ᠤᠨ ᠬᠡᠷᠴᠢᠮᠡᠯ ᠬᠢᠬᠦ ᠤᠷ᠎ᠠ ᠮᠡᠷᠭᠡᠵᠢᠯ᠂ ᠪᠠᠭᠠᠷᠢᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ᠂ ᠬᠦᠷᠦᠨ ᠤ ᠱᠤ᠋ ᠬᠤᠶ ᠭᠦᠩᠵᠦ ᠶᠢᠨ ᠣᠩᠭᠤᠨ ᠤ ᠳᠠᠶᠢᠯᠭ᠎ᠠ᠂  ᠬᠡᠦᠬᠡᠳ ᠤᠨ ᠣᠪᠤᠭᠠᠨ ᠳᠠᠬᠢᠯᠭ᠎ᠠ᠂ ᠨᠢᠩᠴᠧᠩ ᠤᠨ ᠳ᠋ᠠ ᠮᠢᠩ ᠰᠦᠮ᠎ᠡ ᠶᠢᠨ ᠬᠤᠷᠠᠯ ᠪᠠᠭᠲᠠᠨ᠎ᠠ︔ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠷᠭᠡᠳᠬᠡᠭᠰᠡᠨ ᠲᠦᠷᠦᠯ ᠵᠦᠢᠯ ᠤᠨ ᠨᠡᠷᠡᠰ ᠎ ᠨᠢ 1  ᠵᠦᠢᠯ ᠪᠠᠶᠢᠵᠤ᠂  ᠡᠨᠡ ᠨᠢ ᠰᠡᠭᠦᠳᠡᠷ ᠰᠢ ︵ᠨᠢᠩᠴᠧᠩ ᠤᠨ ᠰᠡᠭᠦᠳᠡᠷ ᠰᠢ︶ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号