ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠶᠢᠨ 2015 ᠣᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠭᠤᠯᠭ᠎ᠠ ᠪᠤᠯᠤᠨ ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ | ᠬᠠᠮᠢᠶᠠᠷᠴᠤ ᠪᠠᠶᠢᠭ᠎ᠠ ᠨᠢᠭᠡᠴᠡ ᠶᠢᠨ ᠠᠯᠪᠠᠲᠠᠨ ︵ᠠᠵᠢᠯᠲᠠᠨ︶ ᠢ ᠢᠯᠡ ᠪᠠᠷ ᠰᠢᠯᠢᠨ ᠰᠣᠩᠭᠤᠬᠤ ᠳᠤ ᠨᠡᠷ᠎ᠡ | ᠮᠡᠳᠡᠭᠦᠯᠬᠦ ᠠᠵᠢᠯ 6 ᠳ᠋ᠤᠭᠠᠷ ᠰᠠᠷ᠎ᠠ ᠶᠢᠨ 9 ᠤ ᠡᠳᠦᠷ ᠤᠨ 9᠄ 00 ᠠᠴᠠ ᠡᠬᠢᠯᠡᠪᠡ᠂ 6 ᠳ᠋ᠤᠭᠠᠷ ᠰᠠᠷ᠎ᠠ ᠶᠢᠨ | 15 ᠤ ᠡᠳᠦᠷ ᠤᠨ 17:00 ᠳ᠋ᠥ ᠲᠠᠭᠤᠰᠤᠨ᠎ᠠ᠂ ᠢᠯᠡ ᠪᠠᠷ ᠰᠢᠯᠢᠨ ᠰᠣᠩᠭᠤᠬᠤ ᠳᠤ | ᠨᠡᠷ᠎ᠡ ᠮᠡᠳᠡᠭᠦᠯᠬᠦ ᠳᠤ ᠰᠢᠯᠭᠠᠭᠤᠯᠤᠭᠰᠠᠳ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠪᠠ ᠵᠣᠬᠢᠶᠠᠨ | ᠪᠠᠶᠢᠭᠤᠯᠤᠯᠲᠠ ᠠᠴᠠ ᠲᠠᠨᠢᠯᠴᠠᠭᠤᠯᠬᠤ ᠠᠷᠭ᠎ᠠ ᠶᠢ ᠠᠪᠤᠨ᠎ᠠ᠃ ᠡᠨᠡ ᠤᠳᠠᠭᠠᠨ ᠤ ᠢᠯᠡ ᠪᠠᠷ ᠰᠢᠯᠢᠨ ᠰᠣᠩᠭᠤᠬᠤ | ᠲᠤᠰᠢᠶᠠᠯ ᠤᠨ ᠪᠠᠶᠢᠷᠢ ᠪᠤᠯ ᠡᠷᠬᠢᠯᠡᠭᠴᠢ ᠭᠡᠰᠢᠭᠦᠴᠢ ᠪᠣᠯᠤᠨ ᠲᠡᠭᠦᠨ ᠠᠴᠠ ᠳᠤᠷᠤᠭᠰᠢᠬᠢ ᠳᠡᠰ ᠤᠨ ᠲᠤᠰᠢᠶᠠᠯ ᠤᠨ | ᠪᠠᠶᠢᠷᠢ ᠪᠣᠯᠤᠨ᠎ᠠ᠃ ᠮᠡᠳᠡᠭᠦᠯᠦᠨ ᠰᠢᠯᠭᠠᠭᠤᠯᠬᠤ ᠬᠦᠷᠢᠶ᠎ᠡ ᠬᠡᠪᠴᠢᠶ᠎ᠡ ᠨᠢ ᠬᠡᠪᠡᠯ ᠥᠪᠡᠷᠲᠡᠭᠡᠨ ᠵᠠᠰᠠᠬᠤ ᠣᠷᠣᠨ ᠤ | ᠠᠶᠢᠮᠠᠭ ᠬᠤᠲᠠ ᠶᠢᠨ ᠱᠠᠲᠤ ᠪᠠ ᠲᠡᠭᠦᠨ ᠠᠴᠠ ᠳᠤᠷᠤᠭᠰᠢᠬᠢ ᠪᠠᠶᠢᠭᠤᠯᠭ᠎ᠠ ᠶᠢᠨ ᠠᠯᠪᠠᠲᠠᠨ ᠢᠶᠠᠷ ᠪᠦᠷᠢᠳᠭᠡᠨ | ᠳᠠᠩᠰᠠᠯᠠᠭᠤᠯᠤᠭᠰᠠᠨ ᠪᠦᠭᠡᠳ ᠤᠷᠤᠨ ᠲᠤᠭ᠎ᠠ ᠲᠠᠢ ᠠᠵᠢᠯᠯ ᠤᠨ ᠪᠠᠶᠢᠷᠢ ᠳᠤ ᠪᠠᠶᠢᠭ᠎ᠠ ᠠᠯᠪᠠᠲᠠᠨ ᠪᠤᠯ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠭᠤᠯᠭ᠎ᠠ ᠪᠤᠯᠤᠨ ᠯᠠᠪᠯᠠᠯᠲᠠ ᠪᠤᠯᠭᠠᠨ ᠬᠠᠮᠢᠶᠠᠷᠴᠤ | ᠪᠠᠶᠢᠭ᠎ᠠ ᠨᠢᠭᠡᠴᠡ ᠳᠤ ᠮᠡᠳᠡᠭᠦᠯᠦᠨ ᠰᠢᠯᠭᠠᠭᠤᠯᠵᠤ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠶᠢᠮᠠᠭ ᠬᠤᠲᠠ ᠶᠢᠨ ᠱᠠᠲᠤ ᠪᠤᠯᠤᠨ ᠲᠡᠭᠦᠨ ᠠᠴᠠ ᠳᠤᠷᠤᠭᠰᠢᠬᠢ ᠯᠠᠪᠯᠠᠯᠲᠠ ᠪᠤᠯᠭᠠᠨ ᠬᠠᠮᠢᠶᠠᠷᠴᠤ | ᠪᠠᠶᠢᠭ᠎ᠠ ᠨᠢᠭᠡᠴᠡ ᠶᠢᠨ ᠨᠢᠭᠡᠨᠲᠡ ᠪᠦᠷᠢᠳᠭᠡᠨ ᠳᠠᠩᠰᠠᠯᠠᠭᠤᠯᠤᠭᠰᠠᠨ ᠮᠦᠷᠲᠡᠭᠡᠨ ᠣᠷᠣᠨ ᠲᠤᠭ᠎ᠠ ᠲᠠᠢ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ ᠪᠤᠯ ᠵᠥᠪᠬᠡᠨ ᠯᠠᠪᠯᠠᠯᠲᠠ ᠪᠤᠯᠭᠠᠨ ᠬᠠᠮᠢᠶᠠᠷᠴᠤ ᠪᠠᠶᠢᠭ᠎ᠠ ᠨᠢᠭᠡᠴᠡ ᠳᠤ ᠨᠡᠷ᠎ᠡ | ᠮᠡᠳᠡᠭᠦᠯᠦᠨ ᠰᠢᠯᠭᠠᠭᠤᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠣᠷᠣᠨ ᠨᠤᠲᠤᠭ ᠲᠤ ᠪᠠᠶᠢᠭᠤᠯᠤᠭᠰᠠᠨ ᠨᠢᠭᠡᠴᠡ ︵ᠡᠭᠴᠡ ᠬᠠᠮᠢᠶᠠᠷᠤᠯᠲᠠ ᠶᠢᠨ ᠨᠢᠭᠡᠴᠡ᠂ ᠲᠣᠮᠢᠯᠠᠭᠰᠠᠨ ᠨᠢᠭᠡᠴᠡ | ᠵᠡᠷᠭᠡ ᠪᠠᠭᠲᠠᠨ᠎ᠠ︶ ᠶᠢᠨ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠠᠯᠪᠠᠲᠠᠨ ᠪᠤᠶᠤ ᠠᠵᠢᠯᠲᠠᠨ ᠴᠤ ᠨᠡᠷ᠎ᠡ | ᠮᠡᠳᠡᠭᠦᠯᠦᠨ ᠰᠢᠯᠭᠠᠭᠤᠯᠵᠤ ᠪᠤᠯᠤᠨ᠎ᠠ᠃ | ᠰᠢᠯᠭᠠᠭᠤᠯᠤᠭᠰᠠᠳ ᠤᠯᠤᠰ ᠲᠥᠷᠥ᠂ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠬᠡᠪ ᠴᠢᠨᠠᠷ | ᠲᠠᠢ᠂ ᠵᠠᠩ ᠦᠢᠯᠡ ᠲᠥᠪ ᠴᠢᠬᠡᠴᠢ᠂ ᠪᠣᠳᠠᠲᠤ ᠠᠮᠵᠢᠯᠲᠠ ᠨᠢ ᠲᠣᠪᠤᠶᠢᠮ᠎ᠠ᠂ ᠣᠯᠠᠨ ᠲᠦᠮᠡᠨ ᠮᠡᠳᠡᠷᠡᠭᠰᠡᠨ ᠪᠠᠶᠢᠬᠤ | ᠬᠡᠷᠡᠭᠲᠠᠢ᠃ ᠦᠨᠳᠦᠰᠦᠨ ᠱᠠᠲᠤᠨ ᠳᠤ ᠬᠤᠶᠠᠷ ᠵᠢᠯ ᠠᠴᠠ ᠳᠡᠭᠡᠭᠰᠢ ᠠᠵᠢᠯᠯᠠᠭᠰᠠᠨ ᠥᠩᠭᠡᠷᠡᠯᠲᠡ ᠲᠠᠢ ᠪᠠ | ᠠᠯᠪᠠᠲᠠᠨ ᠢᠶᠠᠷ ᠪᠤᠶᠤ ᠯᠠᠪᠯᠠᠯᠲᠠ ᠪᠤᠯᠭᠠᠨ ᠬᠠᠮᠢᠶᠠᠷᠴᠤ ᠪᠠᠶᠢᠭ᠎ᠠ ᠨᠢᠭᠡᠴᠡ ᠳᠤ ᠠᠵᠢᠯᠲᠠᠨ ᠢᠶᠠᠷ ᠬᠤᠶᠠᠷ ᠵᠢᠯ ᠠᠴᠠ | ᠳᠡᠭᠡᠭᠰᠢ ᠠᠵᠢᠯᠯᠠᠭᠰᠠᠨ ᠥᠩᠭᠡᠷᠡᠯᠲᠡ ᠲᠠᠢ ᠪᠠᠶᠢᠬᠤ ᠬᠡᠷᠡᠭᠲᠠᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ | ᠳᠣᠷᠣᠭᠰᠢᠬᠢ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠵᠢᠴᠢ ᠪᠤᠰᠤᠳ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠠᠵᠢᠯᠯᠠᠭᠰᠠᠨ ᠥᠩᠭᠡᠷᠡᠯᠲᠡ᠂ | ᠴᠡᠷᠢᠭ ᠠᠴᠠ ᠬᠠᠯᠠᠭᠳᠠᠭᠰᠠᠨ ᠺᠠᠳ᠋ᠷ ᠤᠨ ᠴᠡᠷᠢᠭ ᠠᠩᠭᠢ ᠶᠢᠨ ᠬᠤᠷᠢᠶ᠎ᠠ ᠪᠠ ᠬᠤᠷᠢᠶ᠎ᠠ ᠲᠠᠢ ᠲᠡᠩᠴᠡᠭᠦ ᠠᠴᠠ | ᠳᠤᠷᠤᠭᠰᠢᠬᠢ ᠨᠢᠭᠡᠴᠡ ᠳᠤ ᠠᠵᠢᠯᠯᠠᠭᠰᠠᠨ ᠦᠡᠭᠭᠡᠷᠡᠯᠲᠡ ᠶᠢ ᠴᠥᠮ ᠦᠨᠳᠦᠰᠦᠨ ᠱᠠᠲᠤᠨ ᠳᠤ ᠠᠵᠢᠯᠯᠠᠭᠰᠠᠨ | ᠥᠩᠭᠡᠷᠡᠯᠲᠡ ᠪᠠᠷ ᠦᠵᠡᠵᠤ ᠪᠤᠯᠤᠨ᠎ᠠ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠪᠤᠯᠤᠨ ᠲᠡᠭᠦᠨ ᠠᠴᠠ ᠳᠡᠭᠡᠭᠰᠢ | ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠠᠢ᠃ ᠪᠦᠬᠦᠯᠢ 35 ᠨᠠᠰᠤ ᠠᠴᠠ ᠳᠤᠷᠤᠭᠰᠢ ︵1979 ᠤᠨ ᠤ | 6 ᠳ᠋ᠤᠭᠠᠷ ᠰᠠᠷ᠎ᠠ ᠶᠢᠨ 8 ᠤ ᠡᠳᠦᠷ ᠠᠴᠠ ᠬᠤᠶᠢᠰᠢ ᠲᠦᠷᠦᠭᠰᠡᠨ︶ ᠪᠠᠶᠢᠬᠤ ᠪᠠ ᠵᠠᠷᠢᠮ ᠲᠤᠰᠢᠶᠠᠯ ᠤᠨ ᠪᠠᠶᠢᠷᠢ ᠳᠤ | ᠪᠦᠬᠦᠯᠢ30 ᠨᠠᠰᠤ ᠠᠴᠠ ᠳᠤᠷᠤᠭᠰᠢ ︵1984 ᠤᠨ ᠤ 6 ᠳ᠋ᠤᠭᠠᠷ ᠰᠠᠷ᠎ᠠ ᠶᠢᠨ 8 ᠤ | ᠡᠳᠦᠷ ᠠᠴᠠ ᠬᠤᠶᠢᠰᠢ ᠲᠦᠷᠦᠭᠰᠡᠨ︶ ᠪᠠ ᠪᠦᠬᠦᠯᠢ40 ᠨᠠᠰᠤ ᠠᠴᠠ ᠳᠤᠷᠤᠭᠰᠢ ︵1974 | ᠤᠨ ᠤ 6 ᠳ᠋ᠤᠭᠠᠷ ᠰᠠᠷ᠎ᠠ ᠶᠢᠨ 8 ᠤ ᠡᠳᠦᠷ ᠠᠴᠠ ᠬᠤᠶᠢᠰᠢ ᠲᠦᠷᠦᠭᠰᠡᠨ︶ ᠪᠠᠶᠢᠬᠤ ᠶᠢ ᠱᠠᠭᠠᠷᠳᠠᠨ᠎ᠠ᠃ | ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠰᠡᠵᠢᠭᠯᠡᠯ ᠢᠶᠠᠷ ᠶᠠᠭ | ᠬᠤᠯᠪᠣᠭᠳᠠᠯ ᠪᠦᠬᠦᠢ ᠲᠤᠰᠬᠠᠶ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠤ ᠬᠠᠷᠠᠬᠠᠨ ᠦᠷ᠎ᠡ ᠳ᠋ᠦᠡᠭ | ᠭᠠᠷᠭᠠᠭᠠᠳᠤᠢ ᠪᠠᠶᠢᠭᠰᠠᠳ︔ ᠰᠢᠳᠬᠡᠯ ᠣᠯᠤᠭᠰᠠᠨ ᠬᠤᠭᠤᠴᠠᠭᠠᠨ ᠳᠠᠭᠠᠨ ᠪᠠᠶᠢᠭ᠎ᠠ ᠪᠤᠶᠤ ᠨᠥᠯᠥᠭᠡ ᠦᠵᠡᠭᠦᠯᠬᠦ | ᠬᠤᠭᠤᠴᠠᠭ᠎ᠠ ᠨᠢ ᠳᠦᠭᠦᠷᠡᠭᠡᠳᠦᠢ ᠪᠠᠶᠢᠭᠰᠠᠳ︔ ᠤᠯᠤᠰ ᠪᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠢᠶᠠᠷ᠂ ᠴᠢᠭᠯᠡᠯᠲᠦ ᠨᠢᠭᠡᠴᠡ ᠳᠤ ᠠᠵᠢᠯᠯᠠᠭᠠᠳ ᠦᠢᠯᠡᠴᠢᠯᠡᠬᠦ | ᠬᠢᠵᠠᠭᠠᠷᠲᠤ ᠬᠤᠭᠤᠴᠠᠭ᠎ᠠ ᠨᠢ ᠳᠦᠭᠦᠷᠦᠭᠡᠳᠦᠢ ᠪᠤᠶᠤ ᠰᠢᠯᠵᠢᠭᠦᠯᠦᠨ ᠲᠣᠮᠢᠯᠠᠬᠤ ᠳᠤ ᠪᠤᠰᠤᠳ ᠬᠢᠵᠠᠭᠠᠷᠯᠠᠬᠤ | ᠴᠢᠨᠠᠷᠲᠠᠶ ᠲᠣᠭᠲᠠᠭᠠᠯ ᠲᠠᠢ ᠪᠠᠶᠢᠭᠰᠠᠳ︔ ᠬᠠᠷᠠᠬᠠᠨ ᠰᠢᠨ᠎ᠡ ᠪᠠᠷ ᠡᠯᠰᠡᠭᠰᠡᠨ ᠠᠯᠪᠠᠲᠠᠨ ᠤ ᠲᠤᠷᠰᠢᠨ ᠬᠡᠷᠡᠭᠯᠡᠬᠦ | ᠬᠤᠭᠤᠴᠠᠭᠠᠨ ᠳᠤ ᠪᠠᠶᠢᠭᠰᠠᠳ︔ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ | ᠪᠠᠶᠢᠳᠠᠯ ᠤᠨ ᠨᠢᠭᠡ ᠨᠢ ᠪᠠᠶᠢᠭᠰᠠᠳ ᠢ ᠢᠯᠡ ᠪᠠᠷ ᠰᠢᠯᠢᠨ ᠰᠣᠩᠭᠤᠬᠤ ᠳᠤ ᠤᠷᠤᠯᠴᠠᠭᠤᠯᠵᠤ ᠪᠣᠯᠬᠤ ᠦᠭᠡᠶ᠃ | ᠰᠢᠯᠭᠠᠭᠤᠯᠤᠭᠰᠠᠳ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ︵http://www.impta.com︶ ᠳᠤ ᠭᠠᠷᠴᠤ ᠨᠡᠷ᠎ᠡ ᠮᠡᠳᠡᠭᠦᠯᠦᠨ᠎ᠡ᠃ ᠬᠤᠪᠢ ᠬᠥᠮᠦᠨ ᠤ | ᠲᠣᠪᠴᠢ ᠨᠠᠮᠲᠠᠷ ᠢᠶᠠᠨ ᠲᠠᠭᠯᠠᠬᠤ ᠦᠶᠡᠰ᠂ ᠡᠷᠬᠡᠪᠰᠢ ᠰᠤᠷᠤᠯᠭ᠎ᠠ ᠶᠢᠨ ᠥᠩᠭᠡᠷᠡᠯᠲᠡ ᠪᠤᠯᠤᠨ ᠠᠵᠢᠯ ᠤᠨ | ᠥᠩᠭᠡᠷᠡᠯᠲᠡ ᠪᠠᠨ ᠪᠦᠷᠢᠨ ᠪᠦᠲᠦᠨ ᠲᠠᠭᠯᠠᠵᠤ ᠂ ᠴᠠᠭ ᠬᠤᠭᠤᠴᠠᠭ᠎ᠠ ᠠᠯᠤᠰᠯᠠᠬᠤ ᠪᠤᠶᠤ ᠬᠤᠭᠤᠰᠣᠨ | ᠦᠯᠡᠳᠡᠭᠡᠵᠤ ᠪᠤᠯᠬᠤ ᠦᠭᠡᠢ᠃ ᠱᠠᠭᠠᠷᠳᠠᠯᠭ᠎ᠠ ᠶᠣᠰᠣᠭᠠᠷ ᠲᠠᠭᠯᠠᠭᠰᠠᠨ ᠦᠭᠡᠶ ᠪᠤᠯ ᠬᠢᠨᠠᠨ ᠬᠠᠷᠭᠤᠭᠤᠯᠵᠤ ᠦᠭᠭᠦ | ᠦᠭᠡᠢ᠃ | |