ᠣᠶᠢᠷ᠎ᠠ ᠳᠤ᠂ ᠪᠦᠬᠦ ᠣᠷᠣᠨ ᠤ ᠠᠶᠢᠽ ᠡᠪᠡᠳᠴᠢᠨ ᠥᠩᠭᠡᠨ ᠤ ᠡᠪᠡᠳᠴᠢᠨ ᠢ ᠰᠡᠷᠭᠡᠶᠢᠯᠡᠨ ᠵᠠᠰᠠᠬᠤ | ᠵᠢᠴᠢ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠤ ᠠᠵᠢᠯ ᠤᠨ ᠬᠤᠷᠠᠯ | ᠬᠥᠬᠡᠬᠤᠲᠠ ᠳᠤ ᠬᠤᠷᠠᠯᠳᠤᠵᠤ᠂ ᠪᠦᠬᠦ ᠣᠷᠣᠨ ᠤ 12 ᠠᠶᠢᠮᠠᠭ ᠬᠤᠲᠠ ᠶᠢᠨ ᠡᠪᠡᠳᠴᠢᠨ ᠬᠢᠵᠢᠭ ᠰᠡᠷᠭᠡᠶᠢᠯᠡᠨ | ᠬᠢᠵᠠᠭᠠᠷᠯᠠᠬᠤ ᠲᠥᠪ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠶᠢᠽ ᠡᠪᠡᠳᠴᠢᠨ ᠢ ᠬᠢᠨᠠᠨ | ᠬᠡᠮᠵᠢᠬᠦ᠂ ᠪᠠᠶᠢᠴᠠᠭᠠᠨ ᠬᠡᠮᠵᠢᠬᠦ ᠶᠢ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ ᠵᠢᠴᠢ ᠤᠯᠤᠰ ᠤᠨ ᠳᠡᠰ ᠤᠨ ᠲᠠᠪᠤᠨ | ᠵᠢᠱᠢᠶ᠎ᠡ ᠦᠵᠡᠭᠦᠯᠬᠦ ᠣᠷᠣᠨ ᠪᠤᠯᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠪᠤᠨ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠠᠯᠪᠠᠨ ᠭᠡᠷ ︵ᠡᠷᠡᠭᠦᠯ ᠬᠠᠮᠠᠭᠠᠯᠠᠯ ᠤᠨ ᠲᠣᠪᠴᠢᠶ᠎ᠠ︶᠂ ᠡᠪᠡᠳᠴᠢᠨ ᠬᠢᠵᠢᠭ | ᠰᠡᠷᠭᠡᠶᠢᠯᠡᠨ ᠬᠢᠵᠠᠭᠠᠷᠯᠠᠬᠤ ᠲᠥᠪ ᠤᠨ ᠠᠶᠢᠽ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠢᠱᠢᠶ᠎ᠡ | ᠦᠵᠡᠭᠦᠯᠬᠦ ᠤᠷᠤᠨ ᠢ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠤᠯᠤᠨ ᠠᠵᠢᠯᠲᠠᠨ ᠨᠡᠶᠢᠲᠡ 79 ᠬᠥᠮᠦᠨ | ᠬᠤᠷᠠᠯ ᠳᠤ ᠣᠷᠣᠯᠴᠠᠵᠠᠶ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ | ᠠᠵᠢᠯ ᠤᠨ ᠵᠦᠪᠯᠡᠯ ᠤᠨ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠭᠠᠵᠠᠷ ᠪᠤᠯᠤᠨ ᠥᠪᠡᠷᠲᠡᠭᠡᠨ ᠵᠠᠰᠠᠬᠤ | ᠣᠷᠣᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠭᠤᠴᠠᠯᠭᠠᠲᠠᠳ ᠬᠤᠷᠠᠯ ᠡᠬᠢᠯᠡᠬᠦ | ᠶᠣᠰᠣᠯᠠᠯ ᠳᠡᠭᠡᠷ᠎ᠡ ᠲᠤᠰ ᠲᠤᠰ ᠶᠠᠷᠢᠶ᠎ᠠ ᠲᠠᠯᠪᠢᠵᠤ᠂ ᠡᠨᠡ ᠵᠢᠯ ᠤᠨ ᠠᠶᠢᠽ ᠡᠪᠡᠳᠴᠢᠨ ᠥᠩᠭᠡᠨ ᠤ ᠡᠪᠡᠳᠴᠢᠨ | ᠤᠯᠠᠭᠠᠨ ᠬᠡᠯᠪᠡᠷᠢ ᠶᠢᠨ ᠡᠯᠢᠭᠡᠨ ᠤ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠳᠤ ᠭᠤᠣᠯᠳᠠᠯᠭ᠎ᠠ ᠲᠠᠢ ᠱᠠᠭᠠᠷᠳᠠᠯᠭ᠎ᠠ | ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ | ᠥᠩᠭᠡᠨ ᠤ ᠡᠪᠡᠳᠴᠢᠨ ᠠᠶᠢᠽ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠠᠵᠠᠷ ᠵᠡᠷᠭᠡ ᠶᠢᠨ ᠬᠤᠯᠪᠣᠭᠳᠠᠯ ᠪᠦᠬᠦᠢ | ᠲᠤᠬᠠᠶᠢᠯᠠᠭᠰᠠᠨ ᠠᠵᠢᠯ ᠤᠨ ᠠᠵᠢᠯᠲᠠᠳ ᠠᠳᠠᠯᠢ ᠪᠤᠰᠤ ᠬᠦᠷᠢᠶ᠎ᠡ ᠠᠴᠠ ᠬᠤᠷᠠᠯ ᠳᠤ ᠣᠷᠣᠯᠴᠠᠭᠰᠠᠨ | ᠲᠦᠯᠦᠭᠡᠯᠡᠭᠴᠢᠳ ᠲᠤ ᠥᠪᠡᠷᠲᠡᠭᠡᠨ ᠵᠠᠰᠠᠬᠤ ᠣᠷᠣᠨ ᠤ ᠤᠳᠤᠬᠠᠨ ᠳᠤ ᠠᠶᠢᠽ ᠡᠪᠡᠳᠴᠢᠨ ᠳᠡᠯᠭᠡᠷᠡᠭᠰᠡᠨ ᠪᠠᠶᠢᠳᠠᠯ | ᠪᠤᠯᠤᠨ ᠰᠡᠷᠭᠡᠶᠢᠯᠡᠨ ᠵᠠᠰᠠᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ | ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ︽ᠠᠷᠪᠠᠨ | ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠦᠨᠡᠯᠡᠯᠲᠡ ᠶᠢᠨ ᠠᠵᠢᠯ ᠲᠠᠢ ᠤᠶᠠᠯᠳᠤᠭᠤᠯᠤᠨ 2015 | ᠣᠨ ᠤ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠵᠢᠯ ᠢ | ᠬᠡᠷᠬᠢᠨ ᠪᠡᠶᠡᠯᠡᠭᠦᠯᠬᠦ ᠵᠡᠷᠭᠡ ᠠᠭᠤᠯᠭ᠎ᠠ ᠶᠢ ᠲᠠᠶᠢᠯᠪᠤᠷᠢᠯᠠᠪᠠ᠃ ᠬᠤᠷᠠᠯ ᠨᠢ ᠪᠠᠰᠠ ᠤᠳᠤᠬᠢ ᠥᠪᠡᠷᠲᠡᠭᠡᠨ ᠵᠠᠰᠠᠬᠤ | ᠣᠷᠣᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠬᠢᠨᠠᠨ ᠬᠡᠮᠵᠢᠬᠦ᠂ ᠬᠠᠮᠢᠶᠠᠷᠬᠤ᠂ | ᠰᠢᠯᠭᠠᠨ ᠬᠡᠮᠵᠢᠬᠦ᠂ ᠡᠮᠨᠡᠨ ᠵᠠᠰᠠᠬᠤ᠂ ᠭᠠᠷ ᠲᠦᠷᠦᠭᠦ ᠵᠡᠷᠭᠡ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | ᠵᠢᠴᠢ ᠠᠷᠭᠠᠴᠠᠬᠤ ᠠᠷᠭ᠎ᠠ ᠪᠣᠳᠣᠯᠭ᠎ᠠ ᠶᠢ ᠵᠠᠳᠠᠯᠤᠨ ᠶᠠᠷᠢᠯᠴᠠᠵᠤ᠂ ᠠᠰᠠᠭᠤᠳᠠᠯ ᠢ ᠢᠯᠡ ᠲᠣᠳᠣ ᠪᠤᠯᠭᠠᠵᠤ᠂ | ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠡᠭᠦᠨ ᠤ ᠬᠠᠮᠲᠤ ᠡᠯ᠎ᠡ ᠵᠢᠱᠢᠶ᠎ᠡ ᠦᠵᠡᠭᠦᠯᠬᠦ ᠣᠷᠣᠨ ᠡᠬᠢᠯᠡᠨ ᠬᠦᠳᠡᠯᠦᠯᠴᠡᠭᠰᠡᠨ ᠠᠴᠠ ᠨᠠᠰᠢᠬᠢ ᠠᠵᠢᠯ ᠤᠨ | ᠠᠬᠢᠴᠠ ᠶᠢᠨ ᠪᠠᠶᠢᠳᠠᠯ ᠵᠢᠴᠢ ᠠᠵᠢᠯ ᠤᠨ ᠶᠠᠪᠤᠴᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ | ᠲᠤᠭᠠᠴᠢᠭᠰᠠᠨ ᠪᠥᠭᠡᠳ ᠠᠰᠠᠭᠤᠳᠠᠯ ᠪᠤᠯᠤᠨ ᠬᠦᠴᠢᠷᠳᠡᠯ ᠳᠤ ᠴᠢᠭᠯᠡᠭᠦᠯᠦᠨ ᠵᠠᠳᠠᠯᠤᠨ ᠶᠠᠷᠢᠯᠴᠠᠵᠤ᠂ ᠠᠷᠭ᠎ᠠ | ᠪᠣᠳᠣᠯᠭ᠎ᠠ᠂ ᠠᠷᠭ᠎ᠠ ᠬᠡᠮᠵᠢᠶ᠎ᠡ ᠬᠠᠨᠭ᠍ᠭᠠᠨ᠂ ᠡᠯ᠎ᠡ ᠵᠢᠱᠢᠶ᠎ᠡ ᠦᠵᠡᠭᠦᠯᠬᠦ ᠣᠷᠣᠨ ᠤ ᠬᠠᠮᠲᠤ ᠶᠢᠨ ᠲᠠᠨᠢᠯᠲᠠ ᠲᠠᠢ ᠪᠤᠯᠪᠠ | ᠃ | ᠲᠤᠰ ᠤᠳᠠᠭᠠᠨ ᠤ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ᠡᠯ᠎ᠡ ᠠᠶᠢᠮᠠᠭ ᠬᠤᠲᠠ | ᠵᠢᠴᠢ ᠵᠢᠱᠢᠶ᠎ᠡ ᠦᠵᠡᠭᠦᠯᠬᠦ ᠣᠷᠣᠨ ᠤᠳᠤᠬᠠᠨ ᠳᠤ ᠠᠶᠢᠽ ᠡᠪᠡᠳᠴᠢᠨ ᠢ ᠰᠡᠷᠭᠡᠶᠢᠯᠡᠨ ᠵᠠᠰᠠᠵᠤ ᠪᠠᠶᠢᠭ᠎ᠠ ᠤᠯᠠᠨ | ᠤᠯᠤᠰ᠂ ᠤᠯᠤᠰ ᠤᠨ ᠳᠣᠲᠣᠭᠠᠳᠤ ᠪᠤᠯᠤᠨ ᠥᠪᠡᠷᠲᠡᠭᠡᠨ ᠵᠠᠰᠠᠬᠤ ᠣᠷᠣᠨ ᠤ ᠪᠠᠶᠢᠳᠠᠯ ᠪᠤᠯᠤᠨ ᠣᠳᠣᠬᠢ ᠪᠠᠶᠢᠳᠠᠯ ᠢ | ᠣᠶᠢᠯᠠᠭᠠᠵᠤ᠂ ᠰᠡᠷᠭᠡᠶᠢᠯᠡᠨ ᠵᠠᠰᠠᠬᠤ ᠠᠵᠢᠯ ᠤᠨ ᠭᠤᠣᠯᠳᠠᠯᠭ᠎ᠠ ᠲᠠᠢ ᠠᠷᠭ᠎ᠠ ᠪᠣᠳᠣᠯᠭ᠎ᠠ ᠪᠤᠯᠤᠨ ᠠᠷᠭ᠎ᠠ ᠬᠡᠮᠵᠢᠶ᠎ᠡ ᠶᠢ | ᠲᠤᠲᠤᠷᠬᠠᠶᠢᠯᠠᠭᠰᠠᠨ ᠤ ᠬᠠᠮᠲᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠦᠷᠨᠢᠭᠦᠯᠬᠦ ᠰᠢᠨ᠎ᠡ | ᠰᠡᠳᠬᠢᠴᠡ ᠪᠣᠯᠤᠨ ᠰᠢᠨ᠎ᠡ ᠠᠷᠭ᠎ᠠ ᠶᠢ ᠰᠤᠷᠤᠯᠴᠠᠵᠤ᠂ ᠰᠡᠳᠬᠢᠴᠡ ᠪᠠᠨ ᠦᠷᠭᠡᠳᠭᠡᠵᠤ᠂ ᠥᠪᠡᠷᠲᠡᠭᠡᠨ ᠵᠠᠰᠠᠬᠤ | ᠣᠷᠣᠨ ᠤ ᠠᠶᠢᠽ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠤᠷᠤᠭᠰᠢᠲᠠᠶ ᠶᠠᠪᠤᠭᠳᠠᠬᠤ ᠳᠤ | ᠰᠠᠶᠢᠨ ᠰᠠᠶᠢᠬᠠᠨ ᠰᠠᠭᠤᠷᠢ ᠲᠠᠯᠪᠢᠵᠤ ᠦᠭᠪᠡ᠃ |