ᠰᠢᠯᠢ ᠶᠢᠨ ᠭᠤᠤᠯ ᠠᠶᠢᠮᠠᠬ ᠠᠴᠠ ᠱᠠᠨᠳᠦ᠋ᠩ ᠬᠦᠷᠬᠦ 1000 ᠺᠢᠯᠤᠸᠣᠯᠲ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠴᠠᠬᠢᠯᠭᠠᠨ ᠬᠦᠷᠭᠡᠬᠦ ᠬᠤᠪᠢᠰᠬᠠᠭᠤᠷ ᠤᠨ ᠪᠠᠷᠢᠯᠭ᠎ᠠ ᠶᠢᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2015/6/15
       ᠲᠤᠰ ᠪᠠᠷᠢᠯᠭ᠎ᠠ ᠳᠤᠯᠤᠨᠨᠤᠤᠷ ᠤᠨ ᠬᠡᠪᠴᠢᠶᠡᠨ ᠳᠤ ᠱᠤᠭᠤᠮ ᠤᠨ ᠤᠷᠳᠤ ᠨᠢ 20 ᠺᠢᠯᠣᠮᠧᠲᠷ ᠪᠦᠬᠦᠢ ᠣᠨᠴᠠ ᠥᠨᠳᠥᠷ ᠬᠦᠴᠦᠳᠡᠯ ᠤᠨ ᠥᠷᠲᠡᠭᠡ 1᠎ ᠶᠢ ᠰᠢᠨ᠎ᠡ ᠪᠠᠷ ᠪᠠᠶᠢᠭᠤᠯᠵᠤ  ᠂ ᠰᠤᠪᠤᠷᠭ᠎ᠠ ᠶᠢᠨ ᠰᠠᠭᠤᠷᠢ 80᠎ ᠶᠢ ᠰᠢᠨ᠎ᠡ ᠪᠠᠷ ᠪᠠᠶᠢᠭᠤᠯᠤᠨ᠂ ᠬᠦᠴᠦᠳᠡᠯ ᠥᠭᠡᠷᠡᠴᠢᠯᠡᠬᠦ ᠥᠷᠲᠡᠭᠡ ᠪᠣᠯᠤᠨ ᠱᠤᠭᠤᠮ ᠤᠨ ᠶᠡᠷᠦᠩᠭᠡᠢ ᠪᠡᠯᠡ ᠣᠷᠣᠭᠤᠯᠤᠯᠲᠠ ᠨᠢ ᠪᠠᠷᠤᠭ 18 ᠳ᠋ᠦᠩᠰᠢᠭᠤᠷ ᠲᠥᠭᠦᠷᠢᠭ ᠪᠣᠯᠣᠨ᠎ᠠ᠃ ᠣᠳᠣᠬᠠᠨ ᠳᠤ᠂ ᠭᠠᠵᠠᠷ  ᠲᠠᠲᠠᠪᠤᠷᠢᠯᠠᠬᠤ ᠤᠯᠠᠭᠠᠨ ᠱᠤᠭᠤᠮ ᠤᠨ ᠲᠣᠳᠤᠷᠠᠬᠢ ᠣᠶ ᠮᠣᠳᠣ ᠶᠢ ᠰᠢᠯᠵᠢᠭᠦᠯᠦᠨ ᠲᠠᠷᠢᠵᠤ᠂ 80  ᠰᠤᠪᠤᠷᠭ᠎ᠠ ᠶᠢᠨ ᠰᠠᠭᠤᠷᠢ ᠶᠢᠨ ᠡᠵᠡᠯᠡᠬᠦ ᠭᠠᠵᠠᠷ ᠤᠨ ᠬᠠᠶᠢᠨ ᠬᠡᠮᠵᠢᠬᠦ ᠶᠢ ᠨᠢᠭᠡᠨᠲᠡ ᠪᠡᠶᠡᠯᠡᠭᠦᠯᠵᠦ᠂  ᠭᠠᠵᠠᠷ   ᠲᠠᠲᠠᠪᠤᠷᠢᠯᠠᠭᠰᠠᠨ ᠳᠤ ᠲᠥᠯᠥᠪᠦᠷᠢ ᠥᠭᠬᠦ  ᠵᠥᠪᠯᠡᠯᠴᠡᠭᠡᠷ ᠲᠣᠭᠲᠠᠪᠠ︔ ᠥᠷᠲᠡᠭᠡᠨ ᠤ ᠭᠠᠵᠠᠷ ᠲᠤ   ᠣᠢ ᠮᠣᠳᠣᠨ ᠤ ᠭᠠᠵᠠᠷ ᠢ ᠲᠠᠲᠠᠪᠤᠷᠢᠯᠠᠨ ᠡᠵᠡᠯᠡᠬᠦ ᠶᠢᠨ ᠬᠢᠨᠠᠭᠤᠯᠬᠤ ᠶᠠᠪᠤᠳᠠᠯ ᠨᠢᠭᠡᠨᠲᠡ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠵᠥᠪᠰᠢᠶᠡᠷᠡᠯ ᠢ ᠣᠯᠵᠤ᠂ ᠬᠦᠴᠦᠳᠡᠯ ᠥᠭᠡᠷᠡᠴᠢᠯᠡᠬᠦ ᠥᠷᠲᠡᠭᠡ ᠶᠢᠨ ᠤᠷᠢᠳᠠᠪᠠᠷ ᠭᠠᠵᠠᠷ ᠰᠢᠷᠤᠢ ᠬᠡᠷᠡᠭᠯᠡᠬᠦ ᠶᠠᠪᠤᠳᠠᠯ ᠨᠢᠭᠡᠨᠲᠡ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠴᠣᠬᠤᠯᠠᠪᠤᠷᠢ ᠶᠢ ᠣᠯᠪᠠ᠃ 6800 ᠲᠦᠮᠡᠨ ᠲᠦᠬᠦᠷᠢᠭ ᠪᠦᠬᠦᠢ ᠲᠠᠯᠠᠪᠤᠷ ᠲᠡᠭᠰᠢᠯᠡᠬᠦ᠂ ᠭᠠᠵᠠᠷ ᠡᠵᠡᠯᠡᠭᠰᠡᠨ ᠤ ᠲᠦᠯᠦᠪᠦᠷᠢ ᠵᠢᠴᠢ ᠲᠦᠬᠦᠭᠡᠷᠦᠮᠵᠢ ᠬᠤᠳᠠᠯᠳᠤᠨ ᠠᠪᠬᠤ ᠶᠢ ᠪᠡᠶᠡᠯᠡᠭᠦᠯᠪᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠶᠠᠭ ᠶᠠᠪᠤᠭᠳᠠᠵᠤ᠂ ᠲᠠᠯᠠᠪᠤᠷ ᠳᠡᠭᠡᠭᠰᠢᠯᠡᠬᠦ ᠶᠢᠨ 90 %᠂  ᠰᠢᠷᠤᠢ ᠮᠣᠳᠤᠨ ᠪᠠᠷᠢᠯᠭ᠎ᠠ ᠶᠢᠨ 40 %᠂ ᠱᠤᠭᠤᠮ ᠤᠨ ᠰᠠᠭᠤᠷᠢ 66᠎ ᠶᠢ  ᠪᠡᠶᠡᠯᠡᠭᠦᠯᠦᠭᠡᠳ ᠪᠡᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号