2015 ᠣᠨ ᠳᠤ ᠮᠠᠨᠵᠤᠤᠷ ᠬᠤᠲᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠭᠡᠷ ᠪᠠᠶᠢᠰᠢᠩ ᠲᠠᠲᠠᠪᠤᠷᠢᠯᠠᠬᠤ  ᠪᠠᠶᠢᠳᠠᠯ ᠣᠶᠢᠯᠠᠭᠠᠬᠤ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2015/6/16
     ᠮᠠᠨᠵᠤᠤᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠳᠠᠶᠢᠴᠢᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠪᠣᠯᠣᠨ ᠱᠠᠭᠠᠷᠳᠠᠯᠭ᠎ᠠ ᠶᠣᠰᠤᠭᠠᠷ᠂ ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠭᠡᠷ ᠪᠠᠶᠢᠰᠢᠩ ᠲᠠᠲᠠᠪᠤᠷᠢᠯᠠᠬᠤ ᠬᠢᠭᠡᠳ ᠲᠥᠯᠥᠪᠦᠷᠢ ᠥᠭᠴᠦ ᠲᠥᠪᠬᠢᠨᠡᠭᠦᠯᠬᠦ ᠲᠥᠪ ᠎ ᠨᠢ ᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠡᠯ᠎ᠡ ᠨᠡᠶᠢᠭᠡᠮ ᠲᠣᠭᠤᠷᠢᠭ ᠤᠨ ᠬᠢᠨ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠲᠠᠢ ᠬᠠᠮᠲᠤᠷᠠᠨ ᠰᠢᠨ ᠵᠢᠶᠠ ᠵᠠᠮ ᠤᠨ ᠵᠡᠭᠦᠨ᠂ ᠪᠠᠷᠠᠭᠤᠨ ᠬᠤᠶᠠᠷ ᠲᠠᠯ᠎ᠠ ᠪᠣᠯᠣᠨ ᠰᠢᠨ᠎ᠡ ᠡᠷᠢᠨ ᠵᠠᠭᠤᠨ ᠶᠡᠭᠡ ᠵᠡᠭᠡᠯᠢ ᠠᠴᠠ ᠡᠮᠦᠨᠡᠰᠢ᠂ ᠲᠧᠯᠸᠢᠰ ᠵᠠᠮ ᠠᠴᠠ ᠬᠤᠶᠢᠰᠢᠬᠢ ᠵᠢᠴᠢ ᠵᠢᠶᠡ ᠷᠦᠨ ᠶᠢᠨ ᠳ᠋ᠢᠶᠠᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠵᠡᠷᠭᠡ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠭᠤᠷᠪᠠᠨ ᠬᠡᠰᠡᠭ ᠭᠠᠵᠠᠷ ᠲᠤ 2015 ᠣᠨ ᠤ 5 ᠳ᠋ᠤᠭᠠᠷ ᠰᠠᠷ᠎ᠠ ᠶᠢᠨ 8 ᠎ ᠤ ᠡᠳᠦᠷ — 6 ᠳ᠋ᠤᠭᠠᠷ ᠰᠠᠷ᠎ᠠ ᠶᠢᠨ 4᠎ ᠤ ᠡᠳᠦᠷ ᠪᠣᠯᠲᠠᠯ᠎ᠠ ᠭᠡᠷ ᠪᠠᠶᠢᠰᠢᠩ ᠤᠨ ᠪᠠᠶᠢᠴᠠᠭᠠᠯᠲᠠ ᠬᠢᠵᠦ ᠪᠠᠶᠢᠳᠠᠯ ᠣᠶᠢᠯᠠᠭᠠᠬᠤ ᠠᠵᠢᠯ ᠢ ᠶᠠᠪᠤᠭᠳᠠᠭᠤᠯᠪᠠ᠃ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠨᠢ ᠲᠣᠳᠣᠷᠬᠠᠶ ᠪᠠᠶᠢᠵᠤ᠂ ᠳᠡᠭᠡᠷ᠎ᠡ ᠳᠤᠷᠠᠳᠤᠭᠰᠠᠨ ᠭᠤᠷᠪᠠᠨ ᠬᠡᠰᠡᠭ ᠭᠠᠵᠠᠷ ᠤᠨ ᠭᠡᠷ ᠪᠠᠶᠢᠰᠢᠩ ᠳᠤ ᠬᠡᠮᠵᠢᠯᠲᠡ ᠬᠢᠵᠦ᠂ ᠭᠡᠷ ᠬᠥᠷᠥᠩᠭᠡ ᠶᠢᠨ ᠦᠨᠡᠮᠯᠡᠯ ᠤᠨ ᠭᠡᠷᠡᠯ ᠵᠢᠷᠤᠭ ᠠᠪᠴᠤ ᠦᠯᠡᠳᠡᠭᠡᠨ ᠬᠠᠳᠠᠭᠠᠯᠠᠬᠤ᠂ ᠣᠳᠣᠬᠢ ᠪᠠᠶᠢᠳᠠᠯ ᠤᠨ ᠵᠢᠷᠤᠭ ᠢ ᠵᠢᠷᠤᠬᠤ᠂ ᠭᠠᠵᠠᠷ ᠰᠢᠷᠤᠢ ᠶᠢᠨ ᠬᠠᠷᠢᠶ᠎ᠡ ᠶᠢᠨ ᠮᠡᠳᠡᠭᠡ ᠵᠠᠩᠭᠢ ᠶᠢ ᠲᠡᠮᠳᠡᠭᠯᠡᠨ ᠣᠷᠣᠭᠤᠯᠬᠤ᠂ ᠭᠡᠷ ᠪᠦᠯᠢ ᠶᠢᠨ ᠬᠥᠮᠦᠰ ᠤᠨ ᠪᠠᠶᠢᠳᠠᠯ ᠵᠡᠷᠭᠡ ᠶᠢ ᠳᠠᠩᠰᠠᠯᠠᠪᠠ᠃ ᠥᠨᠥᠳᠦᠷ ᠪᠣᠯᠲᠠᠯ᠎ᠠ᠂ ᠭᠤᠷᠪᠠᠨ ᠶᠡᠭᠡ ᠬᠡᠰᠡᠭ ᠭᠠᠵᠠᠷ ᠤᠨ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠵᠤ ᠪᠠᠶᠢᠴᠠᠭᠠᠬᠤ ᠠᠵᠢᠯ ᠴᠥᠮ ᠤᠷᠤᠭᠰᠢᠲᠠᠶ ᠪᠡᠶᠡᠯᠡᠭᠳᠡᠪᠡ᠃ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠠᠵᠢᠯ ᠨᠢ ᠬᠤᠵᠢᠮ ᠤᠨ ᠭᠡᠷ ᠪᠠᠶᠢᠰᠢᠩ ᠲᠠᠲᠠᠪᠤᠷᠢᠯᠠᠬᠤ ᠬᠢᠭᠡᠳ ᠲᠥᠯᠥᠪᠦᠷᠢ ᠥᠭᠴᠦ ᠲᠥᠪᠬᠢᠨᠡᠭᠦᠯᠬᠦ ᠠᠵᠢᠯ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠪᠣᠳᠠᠲᠠᠶ ᠠᠵᠢᠯ ᠥᠷᠨᠢᠭᠦᠯᠬᠦ ᠶᠢᠨ ᠭᠠᠷᠳᠠᠨ ᠣᠷᠣᠬᠤ ᠲᠠᠯ᠎ᠠ ᠪᠣᠯᠤᠨ᠎ᠠ᠃ ᠡᠮᠦᠨᠡᠬᠢ ᠬᠤᠭᠤᠴᠠᠭᠠᠨ ᠤ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠵᠡᠷᠭᠡᠴᠡᠪᠡᠷ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠤᠯᠠᠮ ᠨᠢᠭᠡ ᠠᠯᠬᠤᠮ ᠰᠠᠶᠢᠲᠤᠷ ᠲᠣᠭᠲᠠᠭᠠᠵᠤ᠂ ᠡᠨᠡ ᠵᠢᠯ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠪᠣᠯ ᠭᠤᠣᠯ ᠠᠵᠢᠯ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号