ᠪᠦᠭᠦ ᠤᠷᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/6/17
     6 ᠰᠠᠷ᠎ᠠ ᠶᠢᠨ 12᠎ ᠤᠨ ᠡᠳᠦᠷ᠂ ᠦᠪᠡᠷᠳᠡᠬᠡᠨ ᠵᠠᠰᠠᠬᠤ ᠤᠷᠤᠨ ᠤ ᠵᠠᠰᠠᠭ ᠤ ᠤᠷᠳᠤᠨ ᠠᠴᠠ ᠪᠦᠭᠦ ᠤᠷᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠤᠳᠤᠬᠠᠨ ᠤ ᠪᠠᠶᠢᠳᠠᠯ ᠢ ᠵᠠᠳᠠᠯᠤᠨ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢᠶᠠᠨ ᠪᠦᠬᠦ ᠲᠠᠯ᠎ᠠ ᠪᠠᠷ ᠪᠠᠶᠢᠷᠢᠯᠡᠭᠤᠯᠵᠠᠢ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠡᠨ ᠶᠠᠷᠢᠶ᠎ᠠ ᠲᠠᠯᠪᠢᠪᠡ᠃      ᠬᠤᠷᠠᠯ ᠠᠴᠠ ᠵᠢᠭᠠᠵᠤ ᠭᠠᠷᠭᠠᠭᠰᠡᠨ ᠨᠢ᠂ ᠤᠳᠤᠬᠠᠨ ᠳᠤ ᠨᠢᠭᠡᠨᠳᠠ ᠦᠶᠡᠷ ᠤᠨ ᠬᠤᠭᠤᠴᠠᠭ᠎ᠠ ᠡᠬᠢᠯᠡᠭᠰᠡᠨ ᠪᠤᠯᠬᠤᠷ ᠠᠵᠤ ᠦᠢᠯᠡᠳᠪᠦᠷᠢ᠂ ᠮᠠᠯ ᠠᠵᠤ ᠠᠬᠤᠢ ᠲᠠᠷᠢᠶᠠᠯᠠᠩ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠵᠠᠮ ᠬᠠᠷᠢᠯᠴᠠᠭ᠎ᠠ ᠵᠠᠮ ᠳᠡᠭᠡᠭᠡᠪᠦᠷᠢ ᠵᠢᠴᠢ ᠠᠷᠠᠳ ᠤᠯᠡᠨ ᠤ ᠠᠮᠤᠷ ᠲᠦᠪᠰᠢᠨ ᠵᠡᠷᠭᠡ ᠨᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠨᠡᠩ ᠰᠢᠨ᠎ᠠ᠂ ᠨᠡᠩ ᠦᠨᠳᠦᠷ ᠱᠠᠭᠠᠷᠳᠠᠯᠭ᠎ᠠ ᠲᠠᠯᠪᠢᠪᠡ᠃ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠬᠢᠨ ᠤᠳᠤᠬᠠᠨ ᠤ ᠪᠠᠶᠢᠳᠠᠯ ᠢ ᠵᠦᠪ ᠲᠠᠨᠢᠵᠤ᠂ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠭᠦ ᠴᠢᠩᠭᠠᠳᠬᠠᠵᠤ᠂ ᠶᠡᠭᠡ ᠭᠠᠮᠰᠢᠭ ᠢ ᠤᠷᠢᠳᠴᠢᠯᠡᠨ ᠰᠡᠷᠭᠡᠶᠢᠯᠡᠭᠦ᠂ ᠶᠡᠭᠡ ᠭᠠᠮᠰᠢᠭ ᠲᠤ ᠪᠠᠴᠢᠮ ᠠᠪᠤᠷᠠᠯᠳᠠ ᠬᠢᠭᠦ ᠳᠤ ᠰᠠᠭᠤᠷᠢᠯᠡᠨ᠂ ᠴᠠᠭ ᠠᠭᠤᠷ ᠤᠨ ᠦᠢᠯᠡᠴᠢᠯᠡᠭᠡ ᠪᠠ ᠪᠠᠳᠤᠯᠠᠭ᠎ᠠ ᠬᠠᠨᠭ᠍ᠭᠠᠬᠤ ᠴᠢᠳᠠᠪᠤᠷᠢ ᠶᠢᠨ ᠪᠠᠶᠢᠭᠤᠯᠤᠯᠳᠠ ᠪᠠᠨ ᠪᠦᠭᠦ ᠲᠠᠯ᠎ᠠ ᠪᠠᠷ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠭᠡᠶᠢᠯᠡᠭᠰᠡᠨ ᠴᠢᠳᠠᠪᠤᠷᠢ ᠪᠠᠨ ᠰᠢᠨ᠎ᠠ ᠨᠢᠭᠡ ᠲᠦᠪᠰᠢᠨ ᠳᠤ ᠬᠦᠷᠭᠡᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠨᠡᠩ ᠶᠡᠭᠡ ᠬᠦᠴᠦᠨ ᠪᠦᠭᠦᠢ ᠪᠠᠳᠤᠯᠠᠭ᠎ᠠ ᠬᠠᠨᠭ᠍ᠭᠠᠬᠤ ᠬᠡᠷᠡᠭᠳᠡᠢ ᠭᠡᠪᠡ᠃      ᠬᠤᠷᠠᠯ ᠠᠴᠠ ᠴᠢᠬᠤᠯᠠᠴᠢᠯᠠᠬᠰᠡᠨ ᠨᠢ᠂ ᠡᠯ᠎ᠠ ᠭᠠᠵᠠᠷ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠴᠠᠭ ᠠᠭᠤᠷ ᠤᠨ ᠭᠠᠮᠰᠢᠭ ᠢ ᠬᠢᠨᠡᠨ ᠭᠡᠮᠵᠢᠵᠤ ᠤᠷᠢᠳᠴᠢᠯᠡᠨ ᠰᠡᠷᠡᠮᠵᠢᠯᠡᠭᠦᠯᠭᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠤ᠂ ᠤᠷᠢᠳᠴᠢᠯᠡᠬᠰᠡᠨ ᠮᠡᠳᠡᠭᠡ ᠲᠤᠬᠢᠶ᠎ᠠ ᠶᠢᠨ ᠴᠠᠭᠳᠤ ᠴᠢᠨᠠᠷ ᠪᠠ ᠬᠠᠮᠤᠷᠬᠤ ᠭᠡᠪᠴᠢᠶ᠎ᠠ ᠶᠢ ᠴᠢᠩᠭᠠᠳᠬᠠᠬᠤ ᠬᠡᠷᠡᠭᠳᠡᠢ︔ ᠴᠠᠭ ᠠᠭᠤᠷ ᠤᠨ ᠭᠠᠮᠰᠢᠭ ᠤᠨ ᠠᠶᠤᠯ ᠲᠦᠭᠰᠢᠬᠦᠷᠢ ᠶᠢᠨ ᠬᠠᠮᠢᠶᠠᠷᠤᠯᠳᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠦ ᠴᠢᠳᠠᠪᠤᠷᠢ ᠶᠢᠨ ᠪᠠᠶᠢᠭᠤᠯᠤᠯᠳᠠ ᠪᠠᠨ ᠦᠨᠡᠨᠭᠦ ᠴᠢᠩᠭᠠᠳᠬᠠᠤ ᠬᠡᠷᠡᠭᠳᠡᠢ︔ ᠭᠤᠤᠯᠳᠠᠯᠭ᠎ᠠ ᠲᠠᠢ ᠭᠠᠵᠠᠷ ᠤᠷᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠ ᠴᠠᠭ ᠠᠭᠤᠷ ᠤᠨ ︽ᠮᠠᠯᠵᠢᠬᠤ ᠲᠠᠷᠢᠶᠠᠯᠠᠬᠤ ᠤᠷᠤᠨ᠂ ᠮᠠᠯ ᠠᠵᠤ ᠠᠬᠤᠢ ᠲᠠᠷᠢᠶᠠᠯᠠᠩ᠂ ᠮᠠᠯᠴᠢᠨ ᠲᠠᠷᠢᠶᠠᠴᠢᠨ︾᠎ ᠳᠤ ᠦᠢᠯᠡᠴᠢᠯᠡᠭᠦ ᠶᠢ ᠲᠤᠪᠤᠶᠢᠮ᠎ᠠ ᠪᠠᠶᠢᠷᠢᠨ ᠳᠤ ᠲᠠᠯᠪᠢᠨ ᠴᠢᠩᠭ᠎ᠠ ᠠᠳᠬᠤᠬᠤ ᠬᠡᠷᠡᠭᠳᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠤᠬᠢᠶᠠᠨ ᠪᠠᠶᠢᠭᠤᠯᠤᠯᠳᠠ ᠪᠠ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠡᠨ ᠮᠡᠳᠡᠭᠡᠯᠡᠭᠦ ᠪᠠ ᠪᠠᠴᠢᠮ ᠪᠠᠶᠢᠳᠠᠯ ᠢ ᠠᠷᠭᠠᠴᠠᠬᠤ ᠪᠠᠳᠤᠯᠠᠭ᠎ᠠ ᠪᠠᠨ ᠴᠢᠩᠭᠠᠳᠬᠠᠵᠤ᠂ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠡᠯ᠎ᠠ ᠲᠠᠯ᠎ᠠ ᠶᠢᠨ ᠠᠵᠢᠯ ᠢ ᠪᠦᠭᠦ ᠬᠦᠴᠦᠨ ᠢᠶᠠᠷ ᠰᠠᠶᠢᠳᠤᠷ ᠬᠢᠵᠤ᠂ ᠪᠦᠭᠦ ᠤᠷᠤᠨ ᠤ ᠠᠵᠤ ᠠᠬᠤᠢ ᠨᠡᠶᠢᠭᠡᠮ ᠤᠨ ᠲᠤᠬᠳᠠᠭᠤᠨ ᠬᠦᠭᠵᠢᠯᠳᠠ ᠳᠤ ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号