ᠬᠢᠩᠭᠠᠨ ᠠᠶᠢᠮᠠᠭ ᠤᠨ ᠡᠳ᠋ ᠤᠨ ᠵᠠᠰᠠᠭ 2015 ᠣᠨ ᠤ ᠲᠥᠪ ᠤᠨ ᠪᠠᠶᠢᠭᠠᠯᠢ ᠶᠢᠨ ᠭᠠᠶ ᠭᠠᠮᠰᠢᠭ ᠢ ᠲᠤᠭᠤᠯᠬᠤ ᠠᠮᠢᠳᠤᠷᠠᠯ ᠤᠨ ᠨᠥᠬᠦᠪᠥᠷᠢ ᠮᠥᠩᠭᠦ ᠶᠢ ᠪᠠᠭᠤᠯᠭᠠᠪᠠ
ᠨᠡᠶᠢᠲᠡᠯᠡᠭᠰᠡᠨ ᠴᠠᠭ᠄
2015/6/17
     ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠬᠠᠬᠢᠷ ᠭᠠᠴᠢᠭ ᠤᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠦᠴᠢᠷ ᠪᠡᠷᠬᠡᠰᠢᠶᠡᠯ ᠢ ᠬᠠᠪᠰᠤᠷᠤᠨ ᠰᠢᠢᠳᠪᠦᠷᠢᠯᠡᠬᠦ ᠶᠢᠨ ᠲᠤᠰᠠᠳᠠ᠂ ᠣᠶᠢᠷ᠎ᠠ ᠳᠤ᠂ ᠠᠶᠢᠮᠠᠭ ᠤᠨ ᠡᠳ᠋ ᠤᠨ ᠵᠠᠰᠠᠭ 2015 ᠣᠨ ᠤ ᠲᠥᠪ ᠤᠨ ᠪᠠᠶᠢᠭᠠᠯᠢ ᠶᠢᠨ ᠭᠠᠶ ᠭᠠᠮᠰᠢᠭ ᠢ ᠲᠤᠭᠤᠯᠬᠤ ᠠᠮᠢᠳᠤᠷᠠᠯ ᠤᠨ ᠨᠥᠬᠦᠪᠥᠷᠢ ᠮᠥᠩᠭᠦ ᠶᠢ 446 ᠲᠦᠮᠡᠨ ᠲᠥᠭᠦᠷᠢᠭ ᠪᠠᠭᠤᠯᠭᠠᠪᠠ᠃  ᠡᠨᠡ ᠤᠳᠠᠭ᠎ᠠ ᠶᠢᠨ ᠪᠠᠭᠤᠯᠭᠠᠭᠰᠠᠨ ᠪᠡᠯᠡ ᠮᠥᠩᠭᠦ ᠶᠢ ᠭᠤᠣᠯᠳᠠᠭᠤ ᠡᠯ᠎ᠡ ᠭᠠᠵᠠᠷ ᠤᠨ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠬᠠᠬᠢᠷ ᠭᠠᠴᠢᠭ ᠤᠨ ᠬᠤᠭᠤᠴᠠᠭᠠᠨ ᠳᠠᠬᠢ ᠠᠮᠤ ᠬᠦᠨᠡᠰᠦ᠂ ᠬᠤᠪᠴᠠᠰᠤ ᠬᠤᠨᠠᠷ᠂ ᠳᠤᠯᠠᠭᠠᠯᠭ᠎ᠠ ᠵᠡᠷᠭᠡ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠳᠡᠳᠬᠦᠨ ᠲᠤᠰᠠᠯᠠᠬᠤ ᠳᠤ ᠵᠠᠷᠤᠴᠠᠭᠤᠯᠤᠨ᠎ᠠ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠢ ᠳᠡᠭᠡᠳᠦ ᠱᠠᠲᠤᠨ ᠤ ᠰᠠᠯᠭᠠᠨ ᠥᠭᠭᠦᠭᠰᠡᠨ ᠪᠡᠯᠡ ᠮᠥᠩᠭᠦ ᠪᠤᠯᠤᠨ ᠣᠷᠣᠨ ᠨᠤᠲᠤᠭ ᠤᠨ ᠲᠤᠬᠢᠷᠠᠭᠤᠯᠤᠭᠰᠠᠨ ᠪᠠᠶᠢᠭᠠᠯᠢ ᠶᠢᠨ ᠭᠠᠶ ᠭᠠᠮᠰᠢᠭ ᠢ ᠲᠤᠭᠤᠯᠬᠤ ᠠᠮᠢᠳᠤᠷᠠᠯ ᠤᠨ ᠳᠡᠳᠬᠦᠨ ᠲᠤᠰᠠᠯᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠎ ᠤᠨ ᠨᠥᠬᠦᠪᠥᠷᠢ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠭᠠᠮᠰᠢᠭᠳᠠᠭᠰᠠᠨ ᠣᠯᠠᠨ ᠲᠦᠮᠡᠨ ᠤ ᠭᠠᠷ ᠲᠤ ᠲᠥᠷᠭᠡᠨ ᠲᠠᠷᠬᠠᠭᠠᠨ ᠣᠯᠭᠤᠬᠤ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号