ᠰᠢᠨ᠎ᠡ ᠮᠠᠯᠵᠢᠬᠤ ᠣᠷᠣᠨ ᠰᠢᠨ᠎ᠡ ᠲᠠᠷᠢᠶᠠᠯᠠᠬᠤ ᠤᠷᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠨ | ᠳᠥᠯᠭᠢᠨ ᠠᠬᠢᠭᠤᠯᠵᠤ᠂ ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠢ | ᠰᠠᠶᠢᠵᠢᠷᠠᠭᠤᠯᠬᠤ ᠶᠢᠨ ᠲᠤᠰᠠᠳᠠ᠂ ᠡᠷᠢᠶᠡᠨ ᠬᠤᠲᠠ ᠪᠣᠭᠤᠮᠲᠠ ᠶᠢᠨ ᠪᠣᠳᠠᠲᠠᠶ ᠲᠠᠢ ᠤᠶᠠᠯᠳᠤᠭᠤᠯᠤᠨ᠂ ᠭᠤᠷᠪᠠᠨ | ᠵᠢᠯ ᠤᠨ ᠢᠨᠵᠧᠨᠧᠷᠢᠩ ᠢ ᠬᠤᠶᠠᠷ ᠵᠢᠯ ᠳᠤ ᠪᠡᠶᠡᠯᠡᠭᠦᠯᠬᠦ ᠬᠠᠷᠠᠯᠲᠠ ᠶᠢ ᠳᠤᠷᠠᠳᠴᠤ᠂ ᠮᠠᠯᠴᠢᠨ ᠲᠠᠷᠢᠶᠠᠴᠢᠨ | ᠲᠦᠮᠡᠨ ᠳᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠦᠷ᠎ᠡ ᠪᠦᠲᠦᠭᠡᠯ ᠢ ᠨᠢᠭᠡ ᠵᠢᠯ | ᠤᠷᠢᠳᠴᠢᠯᠠᠨ ᠡᠳ᠋ᠯᠡᠭᠦᠯᠬᠦ ᠪᠠᠷ ᠪᠠᠶᠢᠨ᠎ᠠ᠃ | ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ | ᠢᠨᠵᠧᠨᠧᠷᠢᠩ᠃ 4 ᠮᠠᠯᠵᠢᠬᠤ ᠭᠠᠴᠠᠭᠠᠠ ᠤ ᠰᠢᠪᠡᠷ ᠭᠡᠷ᠂ ᠨᠤᠷᠠᠬᠤ ᠠᠶᠤᠯᠲᠠᠶ ᠭᠡᠷ᠂ ᠵᠢᠵᠢᠭ ᠭᠡᠷ ᠲᠤ ᠰᠠᠭᠤᠵᠤ | ᠪᠠᠶᠢᠭ᠎ᠠ ᠡᠷᠦᠭᠡ᠂ ᠬᠥᠮᠦᠨ ᠮᠠᠯ ᠬᠤᠯᠢᠯᠳᠤᠨ ᠰᠠᠭᠤᠭ᠎ᠠ ᠡᠷᠦᠬᠡ ᠪᠤᠯᠤᠨ ᠬᠡᠷ ᠪᠠᠶᠢᠰᠢᠩ ᠦᠭᠡᠢ ᠡᠷᠦᠭᠡ ᠵᠡᠷᠭᠡ | ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠨᠥᠬᠦᠴᠡᠯ ᠳᠤ ᠨᠡᠶᠢᠴᠡᠬᠦ ᠮᠠᠯᠴᠢᠨ ᠡᠷᠦᠬᠡ ᠶᠢᠨ ᠨᠤᠷᠠᠬᠤ | ᠠᠶᠤᠯᠲᠠᠶ ᠭᠡᠷ ᠪᠠᠶᠢᠰᠢᠩ ᠢ ᠦᠭᠡᠷᠡᠴᠢᠯᠡᠵᠤ᠂ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠨᠡᠶᠢᠲᠡ | 120 ᠶᠢ ᠦᠭᠡᠷᠡᠴᠢᠯᠡᠨ᠂ ᠰᠠᠶᠢᠨ ᠤᠰᠤ ᠭᠠᠴᠠᠭ᠎ᠠ ᠳᠤ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ102 ᠢ | ᠰᠢᠨ᠎ᠡ ᠪᠠᠷ | ᠪᠠᠶᠢᠭᠤᠯᠤᠨ᠎ᠠ᠃ | ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠃ ᠭᠦᠨ ᠪᠠ ᠭᠦᠢᠬᠡᠨ ᠳᠠᠪᠬᠤᠷᠭ᠎ᠠ ᠶᠢᠨ | ᠬᠤᠳᠳᠤᠭ ᠮᠠᠯᠲᠠᠬᠤ ᠠᠷᠭ᠎ᠠ ᠶᠢ ᠠᠪᠴᠤ᠂ ᠬᠥᠮᠦᠨ ᠮᠠᠯ ᠤᠨ ᠤᠤᠭᠤᠬᠤ ᠤᠰᠤ ᠶᠢᠨ ᠬᠦᠴᠢᠷᠲᠡᠶ ᠪᠠᠶᠢᠬᠤ | ᠠᠰᠠᠭᠤᠳᠠᠯ ᠢ ᠰᠢᠢᠳᠪᠦᠷᠢᠯᠡᠨ᠎ᠡ᠃ ᠮᠠᠰᠢᠨ ᠬᠤᠳᠳᠤᠭ ᠪᠦᠷᠢ ᠶᠢᠨ ᠶᠡᠷᠦᠩᠬᠡᠶ ᠥᠷᠲᠡᠭ ᠨᠢ 12 ᠲᠦᠮᠡᠨ ᠲᠥᠭᠦᠷᠢᠭ | ᠂ ᠡᠭᠦᠨ ᠳᠤ ᠵᠠᠰᠠᠭ ᠤᠨ ᠣᠷᠳᠣᠨ 10 ᠲᠦᠮᠡᠨ ᠲᠥᠭᠦᠷᠢᠭ ᠤᠨ ᠨᠥᠬᠦᠪᠥᠷᠢ ᠦᠭᠴᠦ ᠂ ᠮᠠᠯᠴᠢᠳ ᠦᠪᠡᠰᠦᠪᠡᠨ | 2 ᠲᠦᠮᠡᠨ ᠲᠥᠭᠦᠷᠢᠭ ᠪᠡᠯᠡᠳᠭᠡᠨ᠎ᠡ︔ ᠭᠦᠢᠬᠡᠨ ᠳᠠᠪᠬᠤᠷᠭ᠎ᠠ ᠶᠢᠨ ᠣᠯᠠᠨ ᠲᠠᠯᠠᠲᠤ ᠬᠥᠨᠳᠡᠯᠡᠨ ᠠᠴᠠ ᠤᠰᠤ ᠠᠪᠬᠤ | ᠬᠤᠳᠳᠤᠭ ᠤᠨ ᠶᠡᠷᠦᠩᠭᠡᠢ ᠥᠷᠲᠡᠭ ᠨᠢ ᠪᠠᠷᠤᠭ 7 ᠲᠦᠮᠡᠨ ᠲᠥᠭᠦᠷᠢᠭ᠂ ᠮᠠᠯᠴᠢᠳ ᠦᠪᠡᠰᠦᠪᠡᠨ 8 ᠮᠢᠩᠭᠠᠨ | ᠲᠥᠭᠦᠷᠢᠭ ᠪᠡᠯᠡᠳᠭᠡᠨ᠎ᠡ︔ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠤᠰᠠᠳᠠ᠂ ᠮᠠᠯᠴᠢᠨ ᠲᠠᠷᠢᠶᠠᠴᠢᠨ ᠤ ᠰᠠᠶᠢᠨ ᠳᠤᠷ᠎ᠠ ᠶᠢ ᠦᠨᠳᠦᠰᠦᠯᠡᠬᠦ ᠰᠠᠭᠤᠷᠢᠨ ᠳᠡᠭᠡᠷ᠎ᠡ 430 ᠮᠠᠯᠴᠢᠨ | ᠲᠠᠷᠢᠶᠠᠴᠢᠨ ᠡᠷᠦᠬᠡ ᠳᠤ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠵᠤ᠂ ᠢᠵᠢ ᠲᠥᠬᠦᠭᠡᠷᠦᠮᠵᠢ ᠪᠦᠷᠢ ᠶᠢᠨ | ᠪᠦᠬᠦ ᠥᠷᠲᠡᠭ ᠨᠢ 3712 ᠲᠥᠭᠦᠷᠢᠭ᠂ ᠡᠭᠦᠨ ᠳᠤ ᠵᠠᠰᠠᠭ ᠤᠨ ᠣᠷᠳᠣᠨ 3000 ᠲᠥᠭᠦᠷᠢᠭ ᠤᠨ ᠨᠦᠬᠦᠪᠦᠷᠢ | ᠦᠭᠴᠦ᠂ ᠮᠠᠯᠴᠢᠳ ᠦᠪᠡᠰᠦᠪᠡᠨ 712 ᠲᠥᠭᠦᠷᠢᠭ ᠪᠡᠯᠡᠳᠭᠡᠪᠡ᠃ | ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠢᠨᠵᠧᠨᠧᠷᠢᠩ᠃ 2014 | ᠣᠨ ᠳᠤ ᠰᠠᠶᠢᠨ ᠤᠰᠤ ᠭᠠᠴᠠᠭ᠎ᠠ 6 ᠺᠢᠯᠣᠮᠧᠲᠷ ᠵᠡᠭᠡᠯᠢ ᠭᠤᠳᠤᠮᠵᠢ ᠶᠢᠨ ᠬᠠᠲᠠᠭᠤᠷᠠᠭᠤᠯᠬᠤ ᠢᠨᠵᠧᠨᠧᠷᠢᠩ ᠢ | ᠪᠡᠶᠡᠯᠡᠭᠦᠯᠵᠤ᠂ 6. 6 ᠺᠢᠯᠣᠮᠧᠲᠷ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠡᠭᠦᠷᠭᠡ ᠶᠢᠨ 0.8 | ᠺᠢᠯᠣᠮᠧᠲᠷ ᠢ ᠨᠢ ᠪᠡᠶᠡᠯᠡᠭᠦᠯᠪᠡ︔ ᠲᠣᠯᠢ ᠭᠠᠴᠠᠭ᠎ᠠ 10 ᠺᠢᠯᠣᠮᠧᠲᠷ ᠬᠠᠶᠢᠷ ᠴᠢᠯᠠᠭᠤᠨ ᠵᠠᠮ ᠤᠨ ᠪᠦᠲᠦᠭᠡᠨ | ᠪᠠᠶᠢᠭᠤᠯᠤᠯᠲᠠ ᠵᠢᠨᠢᠨᠵᠧᠨᠧᠷᠢᠩ ᠤᠨ ᠡᠭᠦᠷᠭᠡ ᠶᠢ ᠪᠡᠶᠡᠯᠡᠭᠦᠯᠪᠡ︔ ᠳᠥᠷᠪᠡᠨ ᠮᠠᠯᠵᠢᠬᠤ ᠭᠠᠴᠠᠭ᠎ᠠ ᠠᠵᠢᠯᠯᠠᠬᠤ | ᠭᠠᠵᠠᠷ ᠤᠨ ᠡᠭᠦᠳᠡᠨ ᠡᠮᠦᠨ᠎ᠡ ᠪᠠᠨ 300 ᠲᠡᠭᠰᠢ ᠳᠥᠷᠪᠡᠯᠵᠢᠨ ᠮᠧᠲᠷ ᠤᠨ ᠵᠢᠵᠢᠭ ᠲᠠᠯᠠᠪᠠᠶ ᠶᠢ ᠬᠠᠲᠠᠭᠤᠷᠠᠭᠤᠯᠪᠠ᠃ | 2015 ᠣᠨ ᠳᠤ ᠰᠠᠶᠢᠨ ᠤᠰᠤ ᠭᠠᠴᠠᠭᠠᠠ ᠤ 5 ᠺᠢᠯᠣᠮᠧᠲᠷ ᠵᠡᠭᠡᠯᠢ ᠭᠤᠳᠤᠮᠵᠢ ᠶᠢᠨ ᠬᠠᠲᠠᠭᠤᠷᠠᠭᠤᠯᠤᠯᠲᠠ᠂ | 5.8 ᠺᠢᠯᠣᠮᠧᠲᠷ ᠵᠠᠮ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠰᠡᠭᠦᠵᠢ ᠭᠠᠴᠠᠭ᠎ᠠ ᠶᠢᠨ | 17.2 ᠺᠢᠯᠣᠮᠧᠲᠷ ᠱᠦᠢᠨᠢ ᠵᠠᠮ᠂ ᠲᠣᠯᠢ ᠭᠠᠴᠠᠭ᠎ᠠ ᠶᠢᠨ 22.2 ᠺᠢᠯᠣᠮᠧᠲᠷ ᠱᠦᠢᠨᠢ ᠵᠠᠮ᠂ ᠬᠦᠬᠡ ᠭᠠᠴᠠᠭ᠎ᠠ ᠶᠢᠨ | 8.6 ᠺᠢᠯᠣᠮᠧᠲᠷ ᠱᠦᠢᠨᠢ ᠵᠠᠮ ᠤᠨ ᠢᠨᠵᠧᠨᠧᠷᠢᠩ ᠢ ᠪᠡᠶᠡᠯᠡᠭᠦᠯᠦᠨ᠎ᠡ᠃ | ᠭᠠᠴᠠᠭ᠎ᠠ ᠪᠦᠬᠦᠨ ᠳᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ᠃ ᠪᠤᠶᠢᠳᠠ ᠪᠥᠭᠯᠡᠭᠦᠦ ᠭᠠᠵᠠᠷ | ᠣᠷᠣᠨ ᠳᠤ ᠰᠠᠭᠤᠷᠢᠰᠢᠵᠤ᠂ ᠵᠠᠮ ᠬᠠᠷᠢᠯᠴᠠᠭ᠎ᠠ ᠳᠥᠭᠦᠮ ᠦᠭᠡᠢ ᠪᠦᠭᠡᠳ ᠦᠨᠡᠨᠬᠦ ᠴᠠᠬᠢᠯᠭᠠᠨ ᠲᠤᠤᠷ ᠨᠡᠪᠲᠡᠷᠡᠬᠦ | ᠠᠷᠭ᠎ᠠ ᠦᠭᠡᠶ ᠮᠠᠯᠴᠢᠨ ᠡᠷᠦᠬᠡ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠯᠬᠢᠨ ᠬᠡᠷᠡᠯ ᠬᠠᠷᠢᠯᠴᠠᠨ | ᠨᠥᠬᠦᠪᠥᠷᠢᠯᠡᠬᠦ ᠴᠠᠬᠢᠯᠭᠠᠨ ᠬᠠᠩᠭᠠᠬᠤ ᠰᠢᠰᠲ᠋ᠧᠮ ᠤᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠤᠤᠯ ᠤᠨ 500W ᠪᠠᠶᠢᠭᠰᠠᠨ ᠠᠴᠠ ᠨᠢ 3000W ᠪᠤᠯᠭᠠᠨ᠎ᠠ᠂ ᠲᠥᠬᠦᠭᠡᠷᠦᠮᠵᠢ ᠪᠦᠷᠢ ᠶᠢᠨ ᠶᠡᠷᠦᠩᠭᠡᠢ | ᠥᠷᠲᠡᠭ ᠨᠢ 5.8 ᠲᠦᠮᠡᠨ ᠲᠥᠭᠦᠷᠢᠭ ᠪᠠᠶᠢᠵᠤ᠂ ᠡᠭᠦᠨ ᠳᠤ ᠵᠠᠰᠠᠭ ᠤᠨ ᠣᠷᠳᠣᠨ 5.2 ᠲᠦᠮᠡᠨ ᠲᠥᠭᠦᠷᠢᠭ | ᠨᠦᠬᠦᠪᠦᠷᠢᠯᠡᠵᠤ᠂ ᠮᠠᠯᠴᠢᠳ ᠦᠪᠡᠰᠦᠪᠡᠨ 6000 ᠲᠥᠭᠦᠷᠢᠭ ᠪᠡᠯᠡᠳᠭᠡᠨ᠎ᠡ︔ ᠴᠠᠬᠢᠯᠭᠠᠨ ᠲᠣᠣᠷ ᠤᠨ ᠬᠡᠯᠪᠡᠷᠢ | ᠪᠠᠷ ᠴᠡᠬᠢᠯᠭᠠᠨ ᠨᠡᠪᠲᠡᠷᠡᠬᠦ ᠶᠢ ᠰᠢᠢᠳᠪᠦᠷᠢᠯᠡᠵᠤ ᠳᠡᠶᠢᠯᠬᠦ ᠬᠡᠪᠴᠢᠶᠡᠨ ᠳᠠᠬᠢ ᠮᠠᠯᠴᠢᠨ ᠡᠷᠦᠬᠡ ᠳᠤ ᠬᠥᠳᠡᠭᠡ | ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠪᠠᠶᠢᠭᠤᠯᠵᠤ ᠳᠡᠰ ᠳᠡᠪᠰᠢᠭᠦᠯᠬᠦ ᠢᠨᠵᠧᠨᠧᠷᠢᠩ ᠢᠶᠠᠷ ᠳᠠᠮᠵᠢᠭᠤᠯᠤᠨ | ᠮᠠᠯᠴᠢᠨ ᠡᠷᠦᠬᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠤ᠂ ᠮᠠᠯᠴᠢᠳ ᠵᠦᠪᠬᠡᠨ ᠴᠠᠬᠢᠯᠭᠠᠨ | ᠬᠡᠮᠵᠢᠭᠦᠷ ᠪᠠ ᠬᠦᠴᠦᠳᠡᠯ ᠥᠭᠡᠷᠡᠴᠢᠯᠡᠭᠴᠢ ᠶᠢᠨ ᠭᠡᠷ ᠲᠤ ᠤᠷᠤᠭᠤᠯᠬᠤ ᠴᠠᠬᠢᠯᠭᠠᠨ ᠤᠲᠠᠰᠤᠨ ᠤ ᠵᠠᠷᠤᠳᠠᠯ ᠢ | ᠡᠭᠦᠷᠭᠡᠯᠡᠨ᠎ᠡ᠃ 2015 ᠣᠨ ᠳᠤ ᠬᠦᠬᠡ ᠭᠠᠴᠠᠭ᠎ᠠ ᠳᠤ 35 ᠺᠢᠯᠤᠸᠤᠯᠲ ᠬᠦᠴᠦᠳᠡᠯ ᠥᠭᠡᠷᠡᠴᠢᠯᠡᠬᠦ ᠥᠷᠲᠡᠭᠡ ᠶᠢ | ᠰᠢᠨ᠎ᠡ ᠪᠠᠷ ᠪᠠᠶᠢᠭᠤᠯᠤᠨ᠂ ᠤᠤᠯ ᠳᠠᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠴᠠᠬᠢᠯᠭᠠᠨ ᠬᠠᠩᠭᠠᠬᠤ ᠳᠤ | ᠣᠷᠣᠰᠢᠵᠤ ᠪᠠᠶᠢᠭᠰᠠᠨ ᠲᠣᠬᠢᠷᠠᠭᠤᠯᠬᠤ᠂ ᠬᠠᠮᠢᠶᠠᠷᠬᠤ᠂ ᠴᠠᠬᠢᠯᠭᠠᠨ ᠵᠣᠭᠰᠣᠬᠤ ᠬᠦᠷᠭᠡᠬᠦ ᠲᠠᠯ᠎ᠠ ᠪᠠᠷ ᠬᠢ ᠣᠯᠠᠨ | ᠳᠥᠭᠦᠮ ᠦᠬᠡᠢ ᠶᠠᠪᠤᠳᠠᠯ ᠤᠳ ᠢ ᠰᠢᠢᠳᠪᠦᠷᠢᠯᠡᠨ᠎ᠡ᠃ | ᠭᠠᠴᠠᠭ᠎ᠠ ᠪᠦᠬᠦᠨ ᠳᠤ ᠷᠠᠳᠢᠣ᠋ ᠨᠡᠪᠲᠡᠷᠡᠭᠦᠯᠭᠡ ᠲᠧᠯᠸᠢᠰ ᠴᠢᠮᠡᠭᠡ ᠨᠡᠪᠲᠡᠷᠡᠯᠭᠡ ᠨᠡᠪᠲᠡᠷᠡᠭᠦᠯᠬᠦ | ᠢᠨᠵᠧᠨᠧᠷᠢᠩ᠃ ︽ᠡᠷᠦᠬᠡ ᠪᠦᠷᠢ ᠳᠤ ᠨᠡᠪᠲᠡᠷᠡᠬᠦ︾ ᠬᠤᠣᠰ ᠮᠤᠳᠦ᠋ᠯ ᠮᠠᠰᠢᠨ ᠤ ᠬᠠᠶᠢᠷᠴᠠᠭ ᠤᠭᠰᠠᠷᠠᠬᠤ | ᠡᠭᠦᠷᠭᠡ ᠶᠢ ᠪᠡᠶᠡᠯᠡᠭᠦᠯᠪᠡ᠃ ᠲᠥᠬᠦᠭᠡᠷᠦᠮᠵᠢ ᠪᠦᠷᠢ ᠶᠢᠨ ᠶᠡᠷᠦᠩᠬᠡᠶ ᠥᠷᠲᠡᠭ ᠨᠢ 490 ᠲᠥᠭᠦᠷᠢᠭ᠂ ᠡᠭᠦᠨ ᠳᠤ | ᠵᠠᠰᠠᠭ ᠤᠨ ᠣᠷᠳᠣᠨ 390 ᠲᠥᠭᠦᠷᠢᠭ ᠨᠦᠬᠦᠪᠦᠷᠢᠯᠡᠵᠤ᠂ ᠮᠠᠯᠴᠢᠳ ᠦᠪᠡᠰᠦᠪᠡᠨ 100 ᠲᠥᠭᠦᠷᠢᠭ ᠪᠡᠯᠡᠳᠭᠡᠪᠡ᠃ | ᠪᠤᠶᠢᠳᠠ ᠪᠥᠭᠯᠡᠭᠦᠦ ᠭᠠᠵᠠᠷ ᠤᠷᠤᠨ ᠠᠴᠠ ᠪᠤᠰᠤᠳ ᠲᠤ᠂ ᠴᠢᠮᠡᠭᠡ ᠨᠡᠪᠲᠡᠷᠡᠯᠭᠡ ᠶᠢᠨ ᠳᠣᠬᠢᠶ᠎ᠠ ᠶᠢ ᠦᠨᠳᠦᠰᠦᠨ | ᠳᠡᠭᠡᠨ ᠪᠦᠷᠢᠨ ᠪᠦᠷᠬᠦᠬᠦᠯᠪᠡ᠃ ᠡᠨᠡ ᠵᠢᠯ ᠭᠠᠵᠠᠷ ᠳᠡᠭᠡᠷᠡᠬᠢ ᠲᠤᠭᠠᠴᠠᠯᠠᠭᠰᠡᠨ ᠲᠧᠯᠸᠢᠰ ᠤᠨ ᠰᠠᠴᠤᠷᠠᠭᠤᠯᠭ᠎ᠠ ᠶᠢᠨ | ᠰᠠᠭᠤᠷᠢ ᠦᠷᠲᠡᠭᠡ ᠶᠢ ᠰᠢᠨ᠎ᠡ ᠪᠠᠷ ᠪᠠᠶᠢᠭᠤᠯᠤᠨ᠂ ᠬᠡᠰᠡᠭ ᠮᠠᠯᠴᠢᠨ ᠡᠷᠦᠬᠡ ᠶᠢᠨ ᠳᠣᠬᠢᠶ᠎ᠠ ᠬᠤᠷᠢᠶᠠᠬᠤ ᠳᠤ ᠮᠠᠭᠤ | ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠵᠢᠴᠢ ᠠᠮᠤᠷ ᠲᠦᠪᠰᠢᠨ ᠤ | ᠦᠭᠡᠷᠡᠴᠢᠯᠡᠯᠲᠡ ᠶᠢᠨ ᠢᠨᠵᠧᠨᠧᠷᠢᠩ᠃ ᠰᠠᠶᠢᠨ ᠤᠰᠤ ᠭᠠᠴᠠᠭ᠎ᠠ ᠶᠢᠨ ᠢᠳᠡᠰᠢᠨ ᠨᠣᠭᠤᠭᠠᠨ ᠤ ᠲᠠᠷᠢᠶᠠᠴᠢᠨ ᠵᠢᠴᠢ | ᠡᠷᠭᠢᠨ ᠲᠣᠭᠤᠷᠢᠨ ᠤ ᠮᠠᠯᠴᠢᠳ ᠤᠨ ᠦᠷ᠎ᠡ ᠬᠡᠦᠬᠡᠳ ᠬᠡᠤᠭᠡᠳ ᠤᠨ ᠴᠡᠴᠡᠷᠯᠢᠭ ᠤᠨ ᠰᠤᠷᠭᠠᠨ ᠬᠥᠮᠦᠵᠢᠯ ᠢ | ᠬᠦᠷᠲᠡᠬᠦ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠰᠤᠷᠭᠠᠭᠤᠯᠢ ᠶᠢᠨ ᠪᠠᠶᠢᠷᠢ ᠶᠢᠨ | ᠪᠦᠲᠦᠭᠡᠨ ᠪᠠᠶᠢᠭᠤᠯᠤᠯᠲᠠ ᠵᠢᠴᠢ ᠠᠮᠤᠷ ᠲᠦᠪᠰᠢᠨ ᠤ ᠦᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ | ᠰᠠᠶᠢᠨ ᠤᠰᠤ ᠳᠤ 2500 ᠲᠡᠭᠰᠢ ᠳᠦᠷᠪᠡᠯᠵᠢᠨ ᠮᠧᠲᠷ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ | ᠲᠥᠯᠥᠪᠯᠡᠵᠦ᠂ ᠨᠢᠭᠡᠨᠲᠡ ᠠᠵᠢᠯ ᠡᠬᠢᠯᠡᠭᠦᠯᠪᠡ᠂ 7 ᠳ᠋ᠤᠭᠠᠷ ᠰᠠᠷ᠎ᠠ ᠶᠢᠨ ᠰᠡᠭᠦᠯᠴᠢ ᠪᠠᠷ ᠭᠤᠣᠯ ᠪᠠᠷᠢᠯᠭ᠎ᠠ ᠶᠢ ᠪᠠᠷᠢᠵᠤ | ᠳᠠᠭᠤᠰᠬᠠᠨ᠎ᠠ᠃ | ᠭᠠᠴᠠᠭ᠎ᠠ ᠲᠤᠰᠬᠤᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠦᠷᠦᠭᠡ᠃ ᠰᠠᠶᠢᠨ ᠤᠰᠤ | ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ ᠴᠢᠬᠢᠷᠠᠭᠲᠤ ᠡᠷᠡᠭᠦᠯ ᠬᠠᠮᠠᠭᠠᠯᠠᠯ ᠤᠨ ᠦᠷᠲᠡᠭᠡ ᠨᠢ ᠡᠷᠭᠢᠨ ᠲᠣᠭᠤᠷᠢᠨ ᠤ | ᠮᠠᠯᠴᠢᠨ ᠲᠠᠷᠢᠶᠠᠴᠢᠨ ᠤ ᠡᠮ ᠡᠮᠨᠡᠯᠭᠡ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠨᠭ᠍ᠭᠠᠵᠤ ᠪᠠᠶᠢᠬᠤ ᠰᠠᠭᠤᠷᠢᠨ | ᠳᠡᠭᠡᠷ᠎ᠡ᠂ 2014 ᠣᠨ ᠳᠤ 2 ᠨᠡᠷ᠎ᠡ ᠲᠤᠭᠤᠷᠢᠨ ᠡᠮᠴᠢᠯᠡᠭᠴᠢ ᠪᠤᠯᠤᠨ 1 ᠲᠣᠭᠤᠷᠢᠨ ᠡᠮᠴᠢᠯᠡᠬᠦ ᠲᠡᠷᠭᠡ ᠨᠡᠮᠡᠵᠦ᠂ | ᠬᠥᠳᠡᠯᠵᠦ ᠪᠠᠷᠢᠬᠤ ᠳᠤ ᠳᠥᠭᠦᠮ ᠪᠤᠰᠤ ᠮᠠᠯᠴᠢᠳ ᠤᠨ ᠡᠪᠡᠳᠴᠢᠨ ᠦᠵᠡᠭᠦᠯᠬᠦ ᠠᠰᠠᠭᠤᠳᠠᠯ ᠢ ᠰᠢᠢᠳᠪᠦᠷᠢᠯᠡᠭᠰᠡᠨ | ᠪᠠᠶᠢᠨ᠎ᠠ︔ 2015 ᠣᠨ ᠳᠤ 1200 ᠲᠡᠭᠰᠢ ᠳᠥᠷᠪᠡᠯᠵᠢᠨ ᠮᠧᠲᠷ ᠤᠨ ᠰᠠᠶᠢᠨ ᠤᠰᠤ ᠡᠷᠡᠭᠦᠯ ᠬᠠᠮᠠᠭᠠᠯᠠᠯ ᠤᠨ | ᠬᠤᠷᠢᠶ᠎ᠠ ᠶᠢ ᠰᠢᠨ᠎ᠡ ᠪᠠᠷ ᠪᠠᠶᠢᠭᠤᠯᠤᠨ᠂ 7 ᠳ᠋ᠤᠭᠠᠷ ᠰᠠᠷ᠎ᠠ ᠶᠢᠨ ᠰᠡᠭᠦᠯᠴᠢ ᠪᠠᠷ ᠭᠤᠣᠯ ᠪᠠᠷᠢᠯᠭ᠎ᠠ ᠶᠢ ᠪᠠᠷᠢᠵᠤ | ᠳᠠᠭᠤᠰᠬᠠᠨ᠎ᠠ᠃ |