ᠣᠶᠢᠷ᠎ᠠ ᠳᠤ᠂ ᠲᠦᠩᠯᠢᠶᠤᠤ ᠬᠤᠳᠠ ᠬᠤᠷᠠᠯ ᠬᠤᠷᠠᠯᠳᠤᠭᠤᠯᠤᠨ᠂ ᠶᠠᠳᠠᠭᠤ ᠶᠢ ᠲᠡᠳᠬᠦᠬᠦ ᠠᠵᠢᠯ ᠤᠨ | ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ᠲᠥᠷᠥᠯ | ᠬᠤᠪᠢᠶᠠᠨ ᠵᠢᠯᠣᠭᠤᠳᠬᠤ᠂ ᠭᠤᠣᠯᠳᠠᠯᠭ᠎ᠠ ᠲᠠᠢ ᠰᠢᠪᠲᠤᠯᠬᠤ᠂ ᠪᠦᠬᠦᠯᠢ ᠴᠣᠭᠴᠠ ᠪᠠᠷ ᠠᠬᠢᠭᠤᠯᠬᠤ ᠵᠠᠷᠴᠢᠮ ᠢᠶᠠᠷ᠂ | ᠡᠯ᠎ᠡ ᠬᠤᠰᠢᠭᠤ ᠰᠢᠶᠠᠨ ᠤ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠳᠡᠭᠡᠭᠰᠢᠯᠡᠭᠦᠯᠵᠦ᠂ ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠶᠠᠳᠠᠭᠤ ᠬᠦᠴᠢᠷᠳᠡᠯᠲᠡᠶ ᠠᠰᠠᠭᠤᠳᠠᠯ ᠢ | ᠬᠦᠴᠦᠨ ᠢᠶᠠᠨ ᠲᠥᠪᠯᠡᠷᠡᠭᠦᠯᠦᠨ ᠲᠡᠳᠬᠦᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ | 70 ᠵᠢᠯ ᠤᠨ ᠣᠶ ᠪᠣᠯᠬᠤ ᠳᠤ᠂ ᠨᠠᠢᠮᠠᠨ ᠬᠤᠰᠢᠭᠤᠨ ᠤ 6.2 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠬᠤ ᠪᠠᠷ ᠪᠠᠶᠢᠨ᠎ᠠ᠃ ᠬᠤᠲᠠ ᠬᠤᠰᠢᠭᠤ | ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠂ ︽ᠨᠠᠢᠮᠠᠨ ᠬᠤᠰᠢᠭᠤᠨ ᠤ ᠶᠠᠳᠠᠭᠤ ᠶᠢ ᠳᠡᠳᠬᠦᠵᠦ ᠪᠡᠷᠬᠡ ᠶᠢ | ᠲᠤᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠭᠦᠯᠬᠦ ᠠᠵᠢᠯ ᠢ ᠤᠯᠠᠮ ᠨᠢᠭᠡ ᠠᠯᠬᠤᠮ | ᠳᠡᠮᠵᠢᠬᠦ ᠲᠣᠬᠠᠢ ᠰᠠᠨᠠᠯ︾ ᠤᠨ ᠱᠠᠭᠠᠷᠳᠠᠯᠭ᠎ᠠ ᠶᠣᠰᠣᠭᠠᠷ᠂ ︽ᠨᠠᠷᠢᠨ ᠣᠨᠤᠪᠴᠢᠯᠠᠬᠤ︾ ᠶᠠᠳᠠᠭᠤ ᠶᠢ ᠲᠡᠳᠬᠦᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ︽ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ | ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠨᠡᠶᠢᠲᠡ ᠶᠢᠨ ᠦᠢᠯᠡᠰ ᠢ ᠲᠥᠷᠭᠡᠨ ᠬᠥᠭᠵᠢᠭᠦᠯᠵᠦ᠂ | ᠣᠷᠣᠭᠤᠯᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠂ ᠳᠠᠭᠠᠭᠠᠴᠢᠯᠠᠨ ᠬᠤᠯᠪᠤᠭᠠᠯᠠᠬᠤ ᠡᠷᠴᠢᠮ ᠢ | ᠴᠢᠩᠭᠠᠷᠠᠭᠤᠯᠵᠤ᠂ ᠨᠠᠢᠮᠠᠨ ᠬᠤᠰᠢᠭᠤ ᠶᠢᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠨ | ᠪᠤᠵᠠᠭᠠᠶᠢᠷᠠᠬᠤ ᠶᠢ ᠲᠠᠰᠤᠷᠠᠯᠲᠠ ᠦᠭᠡᠶ ᠲᠦᠯᠬᠢᠨ ᠠᠬᠢᠭᠤᠯᠬᠤ ᠶᠢᠨ ᠬᠠᠮᠲᠤ ᠰᠠᠶᠢᠨ ᠰᠠᠶᠢᠬᠠᠨ ᠠᠵᠢᠯ ᠤᠨ | ᠰᠤᠷᠲᠠᠯ ᠪᠠ ᠪᠦᠷᠢᠨ ᠲᠡᠭᠦᠯᠳᠡᠷ ᠠᠵᠢᠯ ᠤᠨ ᠲᠣᠭᠲᠠᠴᠠ ᠪᠠᠷ ᠶᠠᠳᠠᠭᠤ ᠶᠢ ᠳᠡᠳᠬᠦᠵᠦ ᠪᠡᠷᠬᠡ ᠶᠢ ᠲᠤᠭᠤᠯᠬᠤ | ᠡᠭᠦᠷᠭᠡ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠪᠠᠷ | ᠪᠠᠶᠢᠨ᠎ᠠ ᠃ |