ᠰᠢᠯᠢ ᠶᠢᠨ ᠭᠤᠤᠯ ᠠᠶᠢᠮᠠᠬ ᠤᠨ 2015 ᠣᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠤᠷᠤᠭᠰᠢᠲᠠᠶ ᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2015/6/2
     2015 ᠣᠨ ᠳᠤ᠂ ᠰᠢᠯᠢ ᠶᠢᠨ ᠭᠤᠤᠯ ᠠᠶᠢᠮᠠᠬ ᠤᠨ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ ᠨᠢ 11189 ᠲᠦᠮᠡᠨ ᠲᠥᠭᠦᠷᠢᠭ ᠪᠠᠶᠢᠵᠤ᠂ ᠡᠭᠦᠨ ᠳᠤ᠄ ᠤᠯᠤᠰ ᠤᠨ ᠪᠡᠯᠡ ᠣᠷᠣᠭᠤᠯᠤᠯᠲᠠ 868 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠬᠦᠯᠦᠯᠲᠡ 4470 ᠲᠦᠮᠡᠨ ᠲᠥᠭᠦᠷᠢᠭ᠂ ᠠᠶᠢᠮᠠᠭ ᠬᠤᠲᠠ ᠶᠢᠨ ᠢᠵᠢ ᠪᠦᠷᠢᠳᠦᠭᠦᠯᠦᠯᠲᠡ 5851 ᠲᠦᠮᠡᠨ ᠲᠥᠭᠦᠷᠢᠭ ᠪᠠᠶᠢᠨ᠎ᠠ︔ ᠤᠰᠤᠨ ᠰᠤᠷᠪᠤᠯᠵᠢ ᠶᠢᠨ 941 ᠰᠢᠨ᠎ᠡ ᠬᠤᠳᠳᠤᠭ ᠮᠠᠯᠲᠠᠬᠤ ᠪᠠᠷ ᠲᠦᠯᠦᠪᠯᠡᠵᠤ᠂ ᠭᠡᠷ ᠪᠦᠯᠢ ᠶᠢᠨ ᠬᠡᠷᠡᠭᠯᠡᠭᠡᠨ ᠤ ᠹᠯᠤᠷ ᠪᠠᠭᠤᠷᠠᠭᠤᠯᠵᠤ ᠤᠰᠤ ᠶᠢ ᠴᠡᠪᠡᠷᠰᠢᠬᠦᠯᠬᠦ ᠲᠥᠬᠦᠭᠡᠷᠦᠮᠵᠢ ᠶᠢ 910 ᠢᠵᠢ ᠤᠭᠰᠠᠷᠠᠵᠤ᠂ 35 ᠲᠦᠭᠡᠭᠡᠯ ᠤᠰᠤᠨ ᠤ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂110 ᠺᠢᠯᠣᠮᠧᠲᠷ ᠬᠤᠭᠤᠯᠠᠶ ᠭᠤᠤᠷᠰᠤ ᠳᠡᠪᠢᠰᠴᠤ᠂ 1.58 ᠲᠦᠮᠡᠨ ᠬᠥᠮᠦᠨ᠂ 87 ᠲᠦᠮᠡᠨ ᠮᠠᠯ ᠤᠨ ᠤᠤᠭᠤᠬᠤ ᠤᠰᠤᠨ ᠤ ᠠᠶᠤᠯ ᠦᠭᠡᠢ ᠶᠢᠨ ᠠᠰᠠᠭᠤᠳᠠᠯ ᠢ ᠰᠢᠢᠳᠪᠦᠷᠢᠯᠡᠬᠦ ᠪᠠᠷ ᠲᠦᠯᠦᠪᠯᠡᠵᠠᠢ᠃ ᠲᠤᠰ ᠲᠦᠷᠦᠯ ᠵᠦᠢᠯ ᠨᠢ 4 ᠳ᠋ᠤᠭᠡᠷ ᠰᠠᠷ᠎ᠠ ᠶᠢᠨ 31᠎ ᠤ ᠡᠳᠦᠷ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠵᠦ᠂ ᠳᠠᠭᠠᠭᠠᠴᠢᠯᠠᠯᠲᠠ ᠣᠯᠤᠭᠰᠠᠨ ᠠᠵᠤ ᠠᠬᠤᠶᠢᠯᠠᠯ ᠎ ᠨᠢ ᠲᠦᠷᠦᠯ ᠵᠦᠢᠯ ᠤᠨ ᠬᠤᠰᠢᠭᠤ ᠰᠢᠶᠠᠨ ᠯᠤᠭ᠎ᠠ ᠭᠡᠷ᠎ᠡ ᠲᠤᠭᠲᠠᠵᠤ᠂ ᠲᠥᠷᠥᠯ ᠵᠦᠢᠯ ᠨᠢ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠨ᠎ᠠ᠃ 5 ᠳ᠋ᠤᠭᠠᠷ ᠰᠠᠷ᠎ᠠ ᠶᠢᠨ 22᠎ ᠤᠨ ᠡᠳᠦᠷ ᠪᠤᠯᠬᠤ ᠳᠤ᠂ ᠰᠢᠯᠢ ᠶᠢᠨ ᠭᠤᠣᠯ ᠠᠶᠢᠮᠠᠭ ᠨᠡᠶᠢᠲᠡ 143 ᠤᠰᠤᠨ ᠰᠤᠷᠪᠤᠯᠵᠢ ᠶᠢᠨ ᠰᠢᠨ᠎ᠡ ᠬᠤᠳᠳᠤᠭ ᠮᠠᠯᠲᠠᠵᠤ᠂ ᠲᠦᠭᠡᠭᠡᠯ ᠤᠰᠤᠨ ᠤ ᠪᠠᠷᠢᠯᠭ᠎ᠠ ᠶᠢᠨ 2᠎ ᠢ ᠨᠢ ᠪᠡᠶᠡᠯᠡᠭᠦᠯᠵᠤ᠂ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ ᠶᠢᠨ 1510 ᠲᠦᠮᠡᠨ ᠲᠥᠭᠦᠷᠢᠭ ᠢ ᠪᠡᠶᠡᠯᠡᠭᠦᠯᠵᠦ᠂ 0.16 ᠲᠦᠮᠡᠨ ᠬᠥᠮᠦᠨ ᠤ ᠤᠤᠭᠤᠬᠤ ᠤᠰᠤᠨ ᠤ ᠠᠶᠤᠯ ᠦᠭᠡᠢ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号