ᠬᠥᠯᠥᠨ ᠪᠤᠶᠢᠷ ᠬᠤᠲᠠ ᠣᠳᠣᠬᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠦᠨᠡᠨᠬᠦ ᠪᠠᠲᠤᠯᠠᠬᠤ ᠶᠢᠨ ᠲᠥᠯᠥᠭᠡ ᠠᠷᠪᠠᠨ ᠵᠣᠷᠪᠤᠰ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2015/6/2
     ᠬᠥᠯᠥᠨ ᠪᠤᠶᠢᠷ ᠬᠤᠲᠠ ᠠᠵᠤ ᠠᠬᠤᠶ ᠶᠢᠨ ᠤᠷᠤᠭᠤᠳᠠᠯ ᠤᠨ ᠲᠦᠭᠰᠢᠭᠦᠷᠢ ᠪᠠ ᠥᠷᠢᠰᠥᠯᠳᠦᠭᠡᠨ ᠢ ᠢᠳᠡᠪᠬᠢᠲᠡᠶ ᠪᠠᠷ ᠠᠷᠭᠠᠴᠠᠵᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠳᠥᠯᠭᠢᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢᠨ ᠲᠤᠰᠠᠲᠠ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠲᠣᠭᠲᠠᠭᠠᠭᠰᠠᠨ ᠪᠠᠶᠢᠨ᠎ᠠ ︵ᠬᠡᠷᠡᠭᠵᠢᠭᠦᠯᠬᠦ ᠴᠠᠭ ᠬᠤᠭᠤᠴᠠᠭ᠎ᠠ ᠨᠢ 2015 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠬᠦᠷᠲᠡᠯ᠎ᠡ  ︶᠄      ᠨᠢᠭᠡ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠎ᠠ ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠭ᠎ᠠ ᠵᠢᠵᠢᠭ ᠠᠵᠤ ᠠᠬᠤᠶᠢᠯᠠᠯ ᠤᠨ ᠬᠦᠭᠵᠢᠯᠲᠡ ᠪᠠᠨ  ᠲᠦᠷᠭᠡᠳᠬᠡᠬᠦ ᠶᠢ ᠳᠡᠳᠬᠦᠬᠦ ᠨᠠᠢᠮᠠᠨ ᠵᠣᠷᠪᠤᠰ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠤᠨ᠎ᠠ᠃      ᠬᠤᠶᠠᠷ᠂ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠠᠬᠤᠢ ᠶᠢ  ᠰᠢᠯᠢᠳᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠦᠶ ᠵᠣᠬᠢᠰ ᠦᠭᠡᠶ᠂ ᠲᠣᠭᠲᠠᠭᠠᠯ ᠳᠤ ᠥᠯᠥ ᠨᠡᠶᠢᠴᠡᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠡᠷᠡᠰ ᠬᠦᠴᠦᠨ ᠦᠭᠡᠶ ᠪᠣᠯᠭᠠᠵᠤ᠂ ᠵᠠᠰᠠᠭ ᠢ  ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢᠨ ᠦᠨᠡᠨ ᠪᠤᠳᠠᠳᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠵᠢᠨ‌‍ᠰᠢᠨ᠎ᠡ ᠶᠢ ᠡᠭᠦᠳᠬᠦ᠂ ᠦᠢᠯᠡᠴᠢᠯᠡᠭᠡ ᠪᠠᠨ ᠬᠠᠯᠠᠨ ᠰᠠᠶᠢᠵᠢᠷᠠᠭᠤᠯᠬᠤ ᠨᠢᠭᠡ ᠪᠦᠯᠦᠭ ᠠᠷᠭ᠎ᠠ ᠬᠡᠮᠵᠢᠶ᠎ᠡ ᠭᠠᠷᠭᠠᠵᠤ᠂ ᠠᠵᠤ ᠠᠬᠤᠶᠢᠯᠠᠯ ᠤᠨ ᠬᠦᠯᠢᠶᠡᠰᠦ ᠶᠢ ᠠᠯᠳᠠᠷᠠᠭᠠᠨ ᠳᠠᠷᠤᠭᠠᠰᠤ ᠶᠢ ᠬᠥᠩᠭᠡᠷᠡᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠰᠠᠭᠠᠳ ᠢ ᠠᠷᠢᠯᠭᠠᠨ ᠨᠥᠬᠦᠴᠡᠯ ᠡᠭᠦᠳᠴᠦ᠂  ᠲᠣᠭᠲᠠᠭᠤᠨ ᠢᠶᠠᠷ ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠬᠦᠴᠦᠲᠠᠢ ᠲᠤᠯᠭᠠᠭᠤᠷᠢ ᠬᠠᠩᠭᠠᠨ᠎ᠠ᠃      ᠭᠤᠷᠪᠠ᠂ ᠴᠠᠬᠢᠯᠭᠠᠨ ᠬᠦᠴᠦᠨ ᠢ ᠳᠡᠳᠬᠦᠬᠦ ᠡᠷᠴᠢᠮ ᠢ ᠨᠡᠮᠡᠭᠳᠡᠭᠦᠯᠦᠨ᠎ᠡ᠃ ᠨᠢᠭᠡ ᠳᠤ ᠰᠢᠭᠤᠳ ᠴᠠᠬᠢᠯᠭᠠᠨ ᠬᠠᠩᠭᠠᠬᠤ ᠬᠡᠪᠴᠢᠶ᠎ᠡ ᠶᠢ ᠥᠷᠭᠡᠳᠬᠡᠨ᠂ ︽ᠬᠥᠯᠥᠨ ᠪᠤᠶᠢᠷ ᠣᠷᠣᠨ ᠤ ᠴᠠᠬᠢᠯᠭᠠᠨ  ᠬᠡᠷᠡᠭᠯᠡᠭᠴᠢ ᠬᠢᠭᠡᠳ ᠴᠠᠬᠢᠯᠭᠠᠨ ᠭᠠᠷᠭᠠᠬᠤ ᠠᠵᠤ ᠠᠬᠤᠶᠢᠯᠠᠯ ᠰᠢᠭᠤᠳ ᠠᠷᠠᠯᠵᠢᠶᠠᠯᠠᠬᠤ ᠶᠢᠨ ᠬᠡᠷᠡᠭᠵᠢᠭᠦᠯᠬᠦ ᠲᠥᠰᠦᠯ︾᠎ ᠢ ᠨᠠᠶᠢᠳᠠᠪᠤᠷᠢᠵᠢᠭᠤᠯᠤᠨ᠂ ᠰᠢᠭᠤᠳ ᠴᠠᠬᠢᠯᠭᠠᠨ ᠬᠠᠩᠭᠠᠬᠤ ᠨᠥᠬᠦᠴᠡᠯ ᠳᠤ ᠨᠡᠶᠢᠴᠡᠬᠦ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠬᠢᠭᠡᠳ ᠴᠠᠬᠢᠯᠭᠠᠨ ᠭᠠᠷᠭᠠᠬᠤ ᠠᠵᠤ ᠠᠬᠤᠶᠢᠯᠠᠯ ᠰᠢᠭᠤᠳ ᠬᠤᠷᠰᠢᠬᠤ ᠶᠢ ᠲᠥᠯᠬᠢᠨ ᠠᠬᠢᠭᠤᠯᠵᠤ᠂ ᠰᠢᠭᠤᠳ ᠴᠠᠬᠢᠯᠭᠠᠨ ᠬᠠᠩᠭᠠᠬᠤ ᠴᠠᠬᠢᠯᠭᠠᠨ ᠳᠠᠮᠵᠢᠭᠤᠯᠬᠤ ᠪᠠ ᠲᠦᠭᠡᠭᠡᠬᠦ ᠲᠣᠣᠷ ᠤᠨ ᠪᠣᠭᠤᠮᠢ ᠶᠢ ᠥᠭᠡᠷᠡᠴᠢᠯᠡᠬᠦ ᠡᠷᠴᠢᠮ ᠢ ᠵᠡᠷᠭᠡ ᠳᠤᠨᠢ ᠨᠡᠮᠡᠭᠳᠡᠭᠦᠯᠵᠦ᠂ ᠰᠢᠭᠤᠳ ᠬᠠᠩᠭᠠᠬᠤ ᠠᠷᠠᠯᠵᠢᠶ᠎ᠠ ᠶᠢ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠨ᠎ᠠ︔ ᠬᠤᠶᠠᠷ ᠲᠤ ᠴᠠᠬᠢᠯᠭᠠᠨ ᠤ ᠦᠨ᠎ᠡ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︽ᠴᠠᠬᠢᠯᠭᠠᠨ ᠬᠥᠴᠦᠨ ᠢ ᠳᠡᠳᠬᠦᠬᠦ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠦᠨ ᠠᠵᠤ ᠠᠬᠤᠶᠢᠯᠠᠯ ᠤᠨ ᠬᠡᠪ ᠤᠨ ᠶᠣᠰᠣᠭᠠᠷ  ᠦᠢᠯᠡᠳᠪᠦᠷᠢᠯᠡᠬᠦ ᠶᠢ ᠠᠬᠢᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠦᠰᠦᠭ ︿2013﹀ 50 ᠳ᠋ᠤᠭᠠᠷ  ᠲᠣᠭᠠᠲᠤ ᠪᠢᠴᠢᠭ ᠮᠠᠲ᠋ᠧᠷᠢᠶᠠᠯ︶᠎ ᠤᠨ ᠶᠣᠰᠣᠭᠠᠷ᠂ ᠭᠷᠡᠳᠦ᠋ᠰ ᠪᠦᠷᠢ ᠳᠤ 2 ᠮᠥᠩᠭᠦ ᠶᠢᠨ ᠢᠵᠢ ᠪᠦᠷᠢᠳᠦᠭᠦᠯᠬᠦ ᠴᠠᠬᠢᠯᠭᠠᠨ ᠤ ᠦᠨ᠎ᠡ ᠶᠢᠨ ᠨᠥᠬᠦᠪᠦᠷᠢ ᠶᠢᠨ 2015 ᠣᠨ ᠤ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃      ᠳᠥᠷᠪᠡ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ᠂ ᠨᠡᠭᠦᠷᠡᠰᠦ ᠬᠢᠮᠢ ᠶᠢᠨ ᠠᠵᠤ ᠠᠬᠤᠶᠢᠯᠠᠯ᠂ ᠴᠠᠬᠢᠯᠭᠠᠨ ᠭᠠᠷᠭᠠᠬᠤ ᠪᠠ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠷ  ᠬᠤᠷᠰᠢᠯᠴᠠᠬᠤ ᠶᠢ ᠳᠡᠮᠵᠢᠨ᠎ᠡ᠃ ᠨᠢᠭᠡ ᠳᠤ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠥᠪᠡᠷ ᠢᠶᠠᠨ  ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠪᠦᠲᠦᠭᠡᠨ ᠪᠠᠶᠢᠭᠤᠯᠬᠤ ᠶᠢ ᠳᠡᠮᠵᠢᠵᠤ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠨᠥᠬᠦᠴᠡᠯ ᠳᠤ ᠨᠡᠶᠢᠴᠡᠭᠰᠡᠨ ᠦᠪᠡᠷ ᠢᠶᠠᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠳᠤ ᠨᠡᠭᠦᠷᠡᠰᠦᠨ ᠤ ᠡᠬᠢ ᠪᠠᠶᠠᠯᠢᠭ ᠢ ᠴᠠᠭ ᠲᠤᠬᠠᠶ ᠳᠤᠨᠢ ᠲᠣᠬᠢᠷᠠᠭᠤᠯᠤᠨ᠎ᠠ︔ ᠬᠤᠶᠠᠷ ᠲᠤ ᠲᠣᠮᠣ ᠬᠡᠯᠪᠡᠷᠢ ᠶᠢᠨ ᠨᠡᠭᠦᠷᠡᠰᠦᠨ ᠤ ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠡᠮᠬᠢᠯᠡᠨ ᠨᠡᠶᠢᠯᠡᠭᠦᠯᠵᠦ ᠨᠢᠭᠡ  ᠴᠣᠭᠴᠠᠵᠢᠭᠤᠯᠤᠨ ᠬᠥᠭᠵᠢᠬᠦ ᠳᠤ ᠢᠳᠡᠪᠬᠢᠲᠠᠢ ᠣᠷᠣᠯᠴᠠᠬᠤ ᠶᠢ ᠳᠡᠮᠵᠢᠵᠦ ᠵᠣᠷᠢᠭᠵᠢᠭᠤᠯᠤᠨ᠎ᠠ︔ ᠭᠤᠷᠪᠠ ᠳᠤ ᠰᠢᠨ᠎ᠡ ᠪᠠᠷ ᠭᠠᠷᠤᠭᠰᠠᠨ ᠤᠯᠠᠷᠢᠭᠤᠯᠬᠤ ᠲᠥᠷᠥᠯ ᠵᠦᠢᠯ ᠬᠢᠭᠡᠳ ᠣᠳᠣ ᠪᠠᠶᠢᠭ᠎ᠠ ᠨᠡᠭᠦᠷᠡᠰᠦᠨ ᠤ ᠠᠵᠤ ᠠᠬᠤᠶᠢᠯᠠᠯ ᠤᠨ ᠬᠤᠯᠪᠤᠭᠠᠵᠤ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃      ᠲᠠᠪᠤ᠂ ᠠᠵᠤ ᠦᠢᠯᠡᠳᠪᠦᠷᠢ ᠶᠢᠨ ᠴᠢᠬᠤᠯᠠ ᠶᠡᠭᠡ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ  ᠳᠡᠮᠵᠢᠨ᠎ᠡ᠃ ᠨᠢᠭᠡ ᠳᠤ ᠠᠵᠤ ᠦᠢᠯᠡᠳᠪᠦᠷᠢ ᠶᠢᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠥᠷᠭᠡᠳᠬᠡᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ᠂ ᠴᠠᠬᠢᠯᠭᠠᠨ ᠬᠠᠩᠭᠠᠬᠤ᠂ ᠲᠡᠭᠡᠭᠡᠪᠦᠷᠢ ᠵᠡᠷᠭᠡ ᠦᠢᠯᠡᠳᠪᠦᠷᠢᠯᠡᠯ ᠤᠨ  ᠴᠢᠬᠤᠯᠠ ᠬᠦᠴᠦᠨ ᠵᠦᠢᠯ ᠤᠨ ᠬᠡᠷᠡᠭᠴᠡᠭᠡ ᠶᠢ ᠡᠩ ᠲᠡᠷᠢᠭᠦᠨ ᠳᠤ ᠰᠢᠢᠳᠪᠦᠷᠢᠯᠡᠨ᠎ᠡ︔ ᠬᠤᠶᠠᠷ ᠲᠤ ᠴᠢᠬᠤᠯᠠ ᠶᠡᠭᠡ ᠪᠦᠲᠦᠴᠡ ᠶᠢᠨ ᠲᠣᠬᠢᠷᠠᠭᠤᠯᠤᠯᠲᠠ ᠬᠢᠭᠰᠡᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠤᠰ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠢᠭᠡᠯᠡᠯᠭᠡ ᠳᠤ ᠵᠢᠭᠡᠯᠡᠯᠭᠡ ᠶᠢᠨ ᠬᠦᠦ ᠮᠥᠩᠭᠦ ᠶᠢ ᠨᠢ ᠣᠷᠣᠯᠠᠨ ᠥᠭᠴᠦ ᠂ ᠣᠷᠣᠯᠠᠨ ᠥᠭᠬᠦ ᠬᠦᠦ ᠮᠥᠩᠭᠦ ᠶᠢᠨ ᠲᠤᠭ᠎ᠠ ᠶᠢ ᠬᠠᠮᠤᠭ ᠤᠨ ᠥᠨᠳᠦᠷ ᠲᠡᠭᠡᠨ 2000 ᠲᠦᠮᠡᠨ ᠲᠥᠭᠦᠷᠢᠭ ᠢ ᠳᠠᠪᠠᠭᠤᠯᠬᠤ ᠦᠭᠡᠢ᠃       ᠵᠢᠷᠭᠤᠭ᠎ᠠ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠨᠡᠷᠡᠲᠦ ᠲᠠᠸᠠᠷ ᠤᠨ ᠲᠡᠮᠳᠡᠭ᠂ ᠤᠯᠤᠰ ᠤᠨ ᠳᠡᠰ ᠤᠨ ᠠᠵᠤ ᠦᠢᠯᠡᠰᠴᠢᠯᠡᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠳᠤ ᠬᠥᠨᠳᠦ ᠪᠠᠷ ᠱᠠᠩᠨᠠᠬᠤ ᠶᠢ ᠬᠡᠷᠡᠭᠵᠢᠭᠦᠯᠦᠨ᠎ᠡ︔ ᠨᠢᠭᠡ ᠳᠤ᠂ ᠰᠲ᠋ᠣᠺ ᠤᠨ ᠭᠤᠣᠯ ᠵᠠᠬ᠎ᠠ ᠳᠡᠯᠭᠡᠭᠦᠷ᠂ ᠳᠤᠮᠳᠠ ᠪᠠᠭ᠎ᠠ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ᠂ ᠠᠳᠠᠯ ᠦᠢᠯᠡᠰ ᠴᠣᠭᠴᠠᠯᠠᠬᠤ ᠵᠦᠢᠯ ᠤᠨ ᠵᠠᠬ᠎ᠠ ᠳᠡᠯᠭᠡᠭᠦᠷ᠂ ᠰᠢᠨ᠎ᠡ ᠭᠤᠷᠪᠠᠨ ᠠᠵᠤ ᠠᠬᠤᠶᠢᠯᠠᠯ ᠺᠣᠮᠫᠠᠨᠢ ᠶᠢᠨ ᠵᠠᠬ᠎ᠠ ᠳᠡᠯᠭᠡᠭᠦᠷ ᠬᠢᠭᠡᠳ ᠬᠢᠯᠢ ᠶᠢᠨ ᠭᠠᠳᠠᠨ᠎ᠠ ᠵᠠᠬ᠎ᠠ ᠳᠡᠯᠭᠡᠭᠦᠷ ᠲᠤ ᠠᠮᠵᠢᠯᠲᠠ ᠲᠠᠢ ᠭᠠᠷᠣᠭᠰᠠᠨ ᠠᠵᠤ ᠠᠬᠤᠶᠢᠯᠠᠯ ᠳᠤ 200 ᠲᠦᠮᠡᠨ ᠲᠥᠬᠦᠷᠢᠭ ᠤᠨ ᠱᠠᠩᠨᠠᠯ ᠥᠭᠭᠦᠨ᠎ᠡ︔ ᠬᠤᠶᠠᠷ ᠲᠤ ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ ᠢ ᠰᠢᠨ᠎ᠡ ᠪᠠᠷ ᠣᠯᠣᠭᠰᠠᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠭᠤᠷᠪᠠ ᠳᠤ ᠤᠯᠤᠰ ᠤᠨ ᠳᠡᠰ ᠤᠨ ᠠᠵᠤ ᠦᠢᠯᠡᠰᠴᠢᠯᠡᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠨᠡᠷᠡᠶᠢᠳᠦᠯ ᠢ ᠰᠢᠨ᠎ᠡ ᠪᠠᠷ ᠣᠯᠤᠭᠰᠠᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ  ᠃        ᠳᠣᠯᠤᠭ᠎ᠠ᠂ ᠬᠤᠯᠢᠮᠠᠭ ᠥᠮᠴᠢᠯᠡᠯ ᠤᠨ ᠠᠵᠤ ᠠᠬᠤᠶ ᠶᠢ ᠵᠣᠷᠢᠭᠵᠢᠭᠤᠯᠤᠨ ᠬᠦᠭᠵᠢᠭᠦᠯᠦᠨ᠎ᠡ᠃  PPP ᠵᠠᠭᠪᠤᠷ ᠬᠡᠷᠡᠭᠯᠡᠬᠦ ᠶᠢ ᠬᠠᠶᠢᠨ ᠰᠥᠪᠡᠭᠴᠢᠯᠡᠵᠦ᠂ ᠵᠠᠰᠠᠭ ᠤᠨ ᠣᠷᠳᠣᠨ᠂ ᠨᠡᠶᠢᠭᠡᠮ ᠪᠠ ᠠᠷᠠᠳ ᠠᠴᠠ ᠡᠵᠡᠩᠨᠡᠭᠰᠡᠨ ᠬᠦᠷᠦᠩᠭᠡ ᠶᠢᠨ ᠬᠦᠴᠦᠨ ᠢ ᠲᠥᠪᠯᠡᠷᠡᠭᠦᠯᠦᠨ᠂ ᠲᠦᠭᠰᠢᠭᠦᠷᠢ ᠶᠢ ᠬᠠᠮᠲᠤᠪᠠᠷ ᠡᠭᠦᠷᠭᠡᠯᠡᠨ᠂ ᠬᠠᠷᠢᠯᠴᠠᠨ ᠠᠰᠢᠭᠲᠠᠶ ᠪᠠᠶᠢᠵᠤ ᠬᠠᠮᠲᠤ ᠪᠠᠷ ᠢᠯᠡᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ  ᠮᠠᠶ᠋ᠢᠭ ᠢᠶᠠᠷ᠂ ᠡᠭᠦᠯᠡᠨ ᠪᠣᠳᠣᠯᠲᠠ᠂ ᠶᠡᠭᠡ ᠲᠤᠭ᠎ᠠ ᠪᠠᠷᠢᠮᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂  ᠪᠤᠳᠠᠰᠲᠤ ᠢᠨᠲ᠋ᠧᠷᠨᠧᠲ᠂ ︽ᠢᠨᠲ᠋ᠧᠷ ᠰᠦᠯᠵᠢᠶ᠎ᠡ +︾ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠲᠥᠯᠥᠪ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ  ᠪᠡᠯᠡᠳᠬᠡᠮᠵᠢ᠂ ᠴᠠᠬᠢᠯᠭᠠᠨ ᠬᠦᠴᠦᠨ ᠤ ᠥᠪᠡᠷ ᠲᠡᠭᠡᠨ ᠡᠵᠡᠩᠨᠡᠬᠦ ᠣᠷᠣᠨ ᠵᠡᠷᠭᠡ ᠲᠥᠷᠥᠯ ᠵᠦᠢᠯ ᠢ ᠳᠡᠳᠬᠦᠨ᠎ᠡ᠃      ᠨᠠᠢᠮᠠ᠂ ᠳᠤᠮᠳᠠ ᠵᠢᠵᠢᠭ  ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠳᠤ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠳᠤᠮᠳᠠ ᠪᠠᠭ᠎ᠠ ᠠᠵᠤ ᠠᠬᠤᠶᠢᠯᠠᠯ ᠳᠠᠬᠢ ᠪᠡᠯᠡ ᠣᠷᠣᠭᠤᠯᠤᠯᠲᠠ ᠳᠤ ᠳᠠᠭᠠᠭᠠᠯᠲᠠ ᠬᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠳᠠᠬᠢᠨ 1 ᠳ᠋ᠦᠩᠰᠢᠭᠤᠷ ᠲᠥᠬᠦᠷᠢᠭ ᠤᠨ ᠬᠦᠷᠦᠩᠭᠡ ᠮᠥᠩᠭᠦ ᠣᠷᠣᠭᠤᠯᠵᠤ᠂ ᠳᠠᠭᠠᠭᠠᠯᠲᠠ ᠬᠢᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠲᠥᠷᠥᠯ ᠵᠦᠢᠯ ᠢ ᠭᠤᠣᠯᠳᠠᠯᠭ᠎ᠠ ᠎ ᠲᠠᠢ ᠳᠡᠮᠵᠢᠨ᠎ᠡ︔ ᠬᠤᠶᠠᠷ ᠲᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠪᠡᠯᠡ ᠲᠣᠬᠢᠷᠠᠭᠤᠯᠭ᠎ᠠ ᠳᠤ ᠳᠠᠭᠠᠭᠠᠯᠲᠠ ᠬᠢᠬᠦ ᠰᠦᠢᠳᠬᠡᠯ ᠢᠶᠠᠨ ᠪᠠᠭᠤᠷᠠᠭᠤᠯᠬᠤ ᠶᠢ ᠵᠣᠷᠢᠭᠵᠢᠭᠤᠯᠤᠨ᠂ ᠠᠵᠤ ᠦᠢᠯᠡᠳᠪᠦᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠠᠴᠠ ᠬᠤᠷᠢᠶᠠᠵᠤ ᠪᠠᠶᠢᠭ᠎ᠠ ᠳᠠᠭᠠᠭᠠᠯᠲᠠ ᠬᠢᠬᠦ ᠰᠦᠢᠳᠬᠡᠯ ᠤᠨ 2%᠎ ᠠᠴᠠ ᠳᠣᠷᠣᠭᠰᠢᠬᠢ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠳᠤ᠂ ᠬᠢᠨᠠᠨ ᠬᠠᠷᠭᠤᠭᠤᠯᠬᠤ ᠪᠠᠷ ᠳᠠᠮᠵᠢᠭᠠᠳ  ᠲᠤᠰ ᠱᠠᠲᠤᠨ ᠤ ᠡᠳ᠋ ᠤᠨ ᠵᠠᠰᠠᠭ ᠠᠴᠠ 0. 5% ᠎ ᠪᠠᠷ ᠱᠠᠩᠨᠠᠯ ᠣᠯᠭᠤᠨ᠎ᠠ︔ ᠭᠤᠷᠪᠠ ᠳᠤ ︽ᠲᠤᠰᠠᠯᠠᠬᠤ ᠪᠠᠲᠤᠯᠠᠭ᠎ᠠ ᠶᠢᠨ ᠮᠥᠩᠭᠦ ᠲᠠᠢ ᠵᠢᠭᠡᠯᠡᠯᠭᠡ︾᠎ ᠶᠢᠨ ᠪᠡᠯᠡ  ᠲᠣᠬᠢᠷᠠᠭᠤᠯᠬᠤ ᠵᠠᠭᠪᠤᠷ ᠢ ᠬᠦᠴᠦᠯᠡᠨ ᠳᠡᠯᠭᠡᠷᠡᠭᠦᠯᠵᠦ᠂ ᠳᠤᠮᠳᠠ ᠵᠢᠵᠢᠭ  ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠵᠢᠭᠦᠯᠦᠨ᠎ᠡ᠃ ᠬᠤᠰᠢᠭᠤ ᠬᠤᠲᠠ ᠲᠣᠭᠤᠷᠢᠭ ᠤᠨ ᠲᠤᠰᠠᠯᠠᠬᠤ  ᠪᠠᠲᠤᠯᠠᠭ᠎ᠠ ᠶᠢᠨ ᠮᠥᠩᠭᠦ ᠶᠢᠨ ᠲᠠᠪᠴᠠᠩ ᠤᠨ ᠪᠠᠶᠢᠭᠤᠯᠤᠯᠲᠠ ᠳᠤ ᠮᠡᠳᠡᠭᠦᠯᠦᠨ ᠪᠡᠯᠡ ᠮᠥᠩᠭᠦ ᠶᠢ ᠬᠦᠲᠦᠯᠦᠨ ᠵᠢᠯᠣᠭᠤᠳᠬᠤ ᠶᠢ ᠳᠡᠮᠵᠢᠵᠦ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠢᠵᠢ  ᠪᠦᠷᠢᠳᠦᠭᠦᠯᠬᠦ ᠪᠡᠯᠡ ᠮᠥᠩᠭᠦ ᠶᠢ ᠴᠠᠭ ᠬᠤᠭᠤᠴᠠᠭ᠎ᠠ ᠶᠣᠰᠣᠭᠠᠷ ᠣᠷᠣᠨ ᠪᠠᠶᠢᠷᠢ ᠳᠤᠨᠢ ᠬᠦᠷᠦᠭᠦᠯᠬᠦ ᠶᠢ ᠦᠨᠡᠨ ᠬᠦ ᠪᠠᠲᠤᠯᠠᠨ᠎ᠠ᠃      ᠶᠢᠰᠦ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠠᠵᠢᠯ ᠲᠥᠷᠥᠯ ᠤᠨ ᠦᠢᠯᠡᠳᠪᠦᠷᠢᠯᠡᠯ ᠤᠨ ᠴᠢᠨᠠᠷᠲᠠᠶ ᠪᠠᠷᠠᠭ᠎ᠠ ᠶᠢᠨ ᠭᠦᠢᠯᠭᠡᠭᠡᠨ ᠤ ᠬᠥᠭᠵᠢᠯᠲᠡ ᠶᠢ ᠢᠳᠡᠪᠬᠢᠲᠡᠶ ᠳᠡᠮᠵᠢᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠭᠦᠢᠯᠭᠡᠭᠡᠨ ᠢ  ᠶᠡᠬᠡᠪᠡᠷ ᠬᠥᠭᠵᠢᠭᠦᠯᠵᠦ᠂ ᠠᠷᠠᠯᠵᠢᠶ᠎ᠠ ᠬᠤᠳᠠᠯᠳᠤᠭ᠎ᠠ᠂ ᠡᠨᠧᠷᠭᠢ᠂ ᠨᠡᠭᠦᠷᠡᠰᠦ᠂ ᠬᠦᠢᠲᠡᠨ ᠬᠡᠯᠬᠢᠶᠡᠯᠡᠭᠡ ᠵᠡᠷᠭᠡ ᠲᠤᠰᠬᠠᠶᠢᠵᠢᠭᠰᠠᠨ ᠪᠠᠷᠠᠭ᠎ᠠ ᠶᠢᠨ ᠭᠦᠢᠯᠭᠡᠭᠡᠨ ᠤ ᠬᠥᠭᠵᠢᠯᠲᠡ ᠶᠢ ᠳᠡᠮᠵᠢᠨ᠎ᠡ᠃ ᠡᠬᠢ ᠪᠠᠶᠠᠯᠢᠭ ᠤᠨ ᠬᠡᠯᠪᠡᠷᠢᠲᠦ ᠦᠢᠯᠡᠳᠬᠦᠨ ᠤ ᠪᠠᠷᠠᠭ᠎ᠠ ᠶᠢᠨ ᠭᠦᠢᠯᠭᠡᠭᠡᠨ ᠤ ᠢᠨᠵᠧᠨᠧᠷᠢᠩ᠂ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭ᠎ᠠ ᠶᠢᠨ ᠭᠦᠢᠯᠭᠡᠭᠡᠨ ᠤ ᠢᠨᠵᠧᠨᠧᠷᠢᠩ᠂ ᠬᠤᠲᠠ ᠬᠥᠳᠡᠭᠡ ᠶᠢᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠢᠨᠵᠧᠨᠧᠷᠢᠩ ᠪᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠢᠨᠵᠧᠨᠧᠷᠢᠩ ᠢ ᠭᠤᠣᠯᠳᠠᠯᠭ᠎ᠠ ᠲᠠᠢ ᠳᠡᠳᠬᠦᠨ᠎ᠡ᠃ ᠲᠣᠮᠣ ᠬᠡᠯᠪᠡᠷᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠭᠤᠣᠯ ᠪᠤᠰᠤ ᠪᠠᠷᠠᠭ᠎ᠠ ᠶᠢᠨ ᠭᠦᠢᠯᠭᠡᠭᠡᠨ ᠤ ᠲᠤᠬᠠᠶᠢᠯᠠᠭᠰᠠᠨ ᠠᠵᠢᠯ ᠢᠶᠠᠨ ᠰᠠᠯᠭᠠᠬᠤ ᠪᠠ ᠭᠠᠳᠠᠭᠰᠢ ᠳᠠᠭᠠᠭᠠᠴᠢᠯᠠᠭᠤᠯᠬᠤ ᠶᠢ ᠵᠣᠷᠢᠭᠵᠢᠭᠤᠯᠤᠨ᠂ ᠪᠠᠷᠠᠭ᠎ᠠ ᠶᠢᠨ ᠭᠦᠢᠯᠭᠡᠭᠡᠨ ᠤ ᠪᠡᠯᠡᠳᠬᠡᠮᠵᠢ ᠶᠢᠨ ᠡᠬᠢ ᠪᠠᠶᠠᠯᠢᠭ ᠢ ᠡᠮᠬᠢᠯᠡᠨ  ᠨᠡᠶᠢᠯᠡᠭᠦᠯᠵᠦ᠂ ᠨᠡᠶᠢᠭᠡᠮᠴᠢᠯᠡᠭᠰᠡᠨ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡ ᠶᠢ ᠦᠷᠨᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠮᠡᠷᠭᠡᠵᠢᠯ ᠤᠨ ᠰᠤᠳᠤᠯᠤᠨ ᠨᠡᠭᠡᠭᠡᠬᠦ  ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠰᠡᠨ ᠠᠵᠤ ᠦᠢᠯᠡᠰ ᠤᠨ ᠠᠵᠤ ᠠᠬᠤᠶᠢᠯᠠᠯ ᠪᠣᠯᠵᠤ ᠪᠦᠷᠢᠯᠳᠦᠭᠰᠡᠨ ᠢ ᠵᠣᠬᠢᠰᠲᠠᠶ ᠱᠠᠩᠨᠠᠨ᠎ᠠ᠃      ᠠᠷᠪᠠ᠂ ᠬᠥᠯᠦᠨ ᠪᠣᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ︽ᠨᠢᠭᠡ ᠲᠣᠭᠤᠷᠢᠭ ᠣᠯᠠᠨ ᠬᠦᠷᠢᠶᠡᠯᠡᠩ ᠲᠠᠢ ᠪᠠᠶᠢᠬᠤ︾ ᠵᠠᠭᠪᠤᠷ ᠲᠡᠰᠢ ᠬᠥᠭᠵᠢᠬᠦ ᠶᠢ ᠳᠥᠯᠭᠢᠨ ᠠᠬᠢᠭᠤᠯᠤᠨ᠎ᠠ᠃ ᠪᠦᠲᠦᠴᠡ ᠵᠢᠨ‌‍ᠲ᠋ᠣᠬᠢᠷᠠᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠢᠳᠡᠭᠡᠨ ᠤ ᠬᠦᠷᠢᠶᠡᠯᠡᠩ᠂ ᠮᠧᠬᠠᠨᠢᠭ ᠡᠳ᠋ᠰᠢᠭᠦᠯᠭᠡ ᠶᠢᠨ ᠬᠦᠷᠢᠶᠡᠯᠡᠩ᠂ ᠡᠮ ᠬᠢᠬᠦ ᠠᠵᠤ ᠦᠢᠯᠡᠰ ᠤᠨ ᠬᠦᠷᠢᠶᠡᠯᠡᠩ᠂ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠰᠢᠨᠵᠢᠯᠡᠬᠦ ᠤᠬᠠᠭᠠᠨ ᠮᠡᠷᠭᠡᠵᠢᠯ ᠨᠡᠪᠴᠢᠭᠦᠯᠬᠦ  ᠬᠦᠷᠢᠶᠡᠯᠡᠩ ᠵᠡᠷᠭᠡ ᠶᠢ ᠨᠢᠭᠡᠳᠦᠯᠲᠡᠶ ᠲᠥᠯᠥᠪᠵᠢᠭᠦᠯᠦᠨ᠎ᠡ᠃ ᠲᠡᠷᠢᠭᠦᠨ ᠤ ᠮᠡᠷᠭᠡᠵᠢᠯ ᠪᠠ ᠳᠡᠭᠡᠳᠦ ᠳᠡᠰ ᠤᠨ ᠴᠢᠳᠠᠪᠤᠷᠢᠲᠠᠨ ᠣᠷᠣᠭᠤᠯᠵᠤ ᠢᠷᠡᠨ᠂ ᠠᠵᠤ ᠠᠬᠤᠶᠢᠯᠠᠯ ᠳᠤ ᠰᠢᠨ᠎ᠡ ᠶᠢ ᠡᠭᠦᠳᠴᠦ ᠠᠳᠠᠯ ᠦᠢᠯᠡᠰ  ᠴᠣᠭᠴᠠᠯᠠᠬᠤ ᠲᠠᠪᠴᠠᠩ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭ᠎ᠠ ᠶᠢᠨ ᠭᠦᠢᠯᠭᠡᠭᠡᠨ ᠤ ᠲᠠᠪᠴᠠᠩ ᠪᠣᠰᠬᠠᠵᠤ᠂ ᠭᠠᠶᠢᠯᠢ ᠦᠯᠦ ᠬᠤᠷᠢᠶᠠᠬᠤ ᠰᠠᠩ ᠬᠥᠮᠥᠷᠭᠡ ᠳᠤ ᠮᠡᠳᠡᠭᠦᠯᠬᠦ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡ  ᠬᠠᠩᠭᠠᠨ᠂ ᠪᠣᠭᠤᠮᠲᠠ ᠪᠠᠷ ᠥᠩᠭᠡᠷᠡᠭᠦᠯᠬᠦ ᠳᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠥᠯᠬᠢᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号