1 ᠭᠠᠷᠠᠭ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ 2015 ᠤᠨ ᠤ ᠦᠪᠡᠷᠲᠡᠭᠡᠨ | ᠵᠠᠰᠠᠬᠤ ᠤᠷᠤᠨ ᠤ ︽ᠲᠡᠷᠢᠭᠦᠯᠡᠭᠴᠢ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ | ᠬᠤᠯᠪᠤᠭᠠᠳᠤ ᠤᠷᠤᠯᠳᠤᠭᠠᠨ ᠤ ᠠᠩᠬ᠎ᠠ ᠲᠤᠮᠳᠠᠳᠤ ᠶᠢᠨ ᠲᠤᠭᠤᠢᠢᠯᠠᠩ ᠤᠨ ᠰᠢᠢᠳᠪᠦᠷᠢᠳᠦ ᠤᠷᠤᠯᠳᠤᠭᠠᠨ ᠪᠤᠭᠤᠲᠤ | ᠬᠤᠳᠠ ᠳᠤ ᠲᠡᠭᠦᠰᠴᠦ᠂ ᠬᠦᠬᠡᠬᠤᠳᠠ ᠶᠢᠨ ᠴᠢᠶᠤᠤ ᠬᠤᠧᠨ ᠲᠤᠮᠳᠠᠳᠤ ᠰᠤᠷᠭᠠᠭᠤᠯᠢ ᠶᠢᠨ ᠡᠷᠡᠭᠲᠠᠢ ᠶᠢᠨ ᠠᠩᠬᠢ | ᠪᠤᠯᠤᠨ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠡᠮᠡᠭᠳᠠᠢ ᠶᠢᠨ ᠠᠩᠬᠢ ᠲᠤᠰ ᠲᠤᠰ | ᠮᠠᠩᠯᠠᠶᠢᠯᠠᠭᠰᠠᠨ ᠪᠠᠶᠢᠨ᠎ᠠ᠃ ᠲᠤᠰ ᠤᠳᠠᠭᠠᠨ ᠤ ᠰᠢᠢᠳᠪᠦᠷᠢᠳᠦ ᠤᠷᠤᠯᠳᠤᠭᠠᠨ ᠢ ᠦᠪᠡᠷᠲᠡᠭᠡᠨ ᠵᠠᠰᠠᠬᠤ ᠤᠷᠤᠨ ᠤ | ᠰᠤᠷᠭᠠᠨ ᠬᠦᠮᠦᠵᠢᠯ ᠤᠨ ᠲᠤᠪᠴᠢᠶ᠎ᠠ᠂ ᠦᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠠᠴᠠ | ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠳᠤ | ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠲᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠪᠡᠶ᠎ᠠ ᠶᠢᠨ | ᠲᠠᠮᠢᠷ ᠤᠨ ᠨᠡᠶᠢᠭᠡᠮᠯᠢᠭ ᠠᠴᠠ ᠬᠠᠪᠰᠤᠷᠤᠨ ᠡᠷᠬᠢᠯᠡᠵᠦ᠂ ᠪᠤᠭᠤᠲᠤ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ | ᠪᠤᠯᠤᠨ ᠪᠤᠭᠤᠲᠤ ᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠠᠴᠠ ᠲᠠᠭᠠᠭᠠᠨ ᠡᠷᠬᠢᠯᠡᠵᠠᠢ᠃ ᠪᠦᠬᠦ ᠤᠷᠤᠨ ᠤ | 12 ᠠᠶᠢᠮᠠᠭ ᠬᠤᠳᠠ ᠠᠴᠠ ᠢᠷᠡᠭᠰᠡᠨ 30 ᠲᠦᠯᠦᠭᠡᠯᠡᠭᠴᠢ ᠶᠢᠨ ᠠᠩᠬᠢ᠂ 520 ᠲᠠᠮᠢᠷᠴᠢᠨ ᠪᠤᠯᠤᠨ 39 | ᠬᠢᠨᠠᠭᠴᠢ ᠤᠷᠤᠯᠳᠤᠭᠠᠨ ᠳᠤ ᠤᠷᠤᠯᠴᠠᠵᠠᠢ᠃ ᠡᠷᠡᠭᠳᠠᠢ ᠶᠢᠨ ᠲᠤᠭᠤᠢᠢᠯᠠᠩ ᠤᠨ ᠤᠷᠤᠯᠳᠤᠭᠠᠨ ᠳᠤ ᠡᠯ᠎ᠠ ᠠᠶᠢᠮᠠᠭ | ᠬᠤᠳᠠ ᠶᠢᠨ ︽ᠠᠶᠢᠮᠠᠭ ᠬᠤᠳᠠ ᠶᠢᠨ ᠲᠠᠷᠤᠭ᠎ᠠ ᠬᠤᠨᠳᠠᠭᠠᠳᠤ︾ ᠤᠷᠤᠯᠳᠤᠭᠠᠨ ᠤ ᠨᠢᠭᠡᠳᠦᠭᠡᠷ ᠲᠤ ᠤᠷᠤᠬᠰᠠᠨ 12 | ᠲᠦᠯᠦᠭᠡᠯᠡᠭᠴᠢ ᠶᠢᠨ ᠠᠩᠬᠢ ᠪᠤᠯᠤᠨ ᠡᠯ᠎ᠠ ᠲᠤᠭᠤᠷᠢᠭ ᠬᠤᠪᠢᠶᠠᠬᠰᠠᠨ ᠤᠷᠤᠯᠳᠤᠭᠠᠨ ᠤ ᠲᠦᠷᠦᠬᠦᠦ 2 ᠨᠡᠷ᠎ᠠ ᠳᠤ | ᠤᠷᠤᠬᠰᠠᠨ 6 ᠲᠦᠯᠦᠭᠡᠯᠡᠭᠴᠢ ᠶᠢᠨ ᠠᠩᠬᠢ ᠤᠷᠤᠯᠴᠠᠵᠦ᠂ ᠡᠮᠡᠭᠳᠠᠢ ᠶᠢᠨ ᠲᠤᠭᠤᠢᠢᠯᠠᠩ ᠤᠨ ᠤᠷᠤᠯᠳᠤᠭᠠᠨ ᠳᠤ | ᠡᠯ᠎ᠠ ᠠᠶᠢᠮᠠᠭ ᠬᠤᠳᠠ ᠶᠢᠨ ︽ᠠᠶᠢᠮᠠᠭ ᠬᠤᠳᠠ ᠶᠢᠨ ᠲᠠᠷᠤᠭ᠎ᠠ ᠬᠤᠨᠳᠠᠭᠠᠳᠤ︾ ᠤᠷᠤᠯᠳᠤᠭᠠᠨ ᠤ ᠨᠢᠭᠡᠳᠦᠭᠡᠷ ᠲᠤ | ᠤᠷᠤᠬᠰᠠᠨ 12 ᠲᠦᠯᠦᠭᠡᠯᠡᠭᠴᠢ ᠶᠢᠨ ᠠᠩᠬᠢ ᠤᠷᠤᠯᠴᠠᠬᠰᠠᠨ ᠪᠠᠶᠢᠨ᠎ᠠ᠃ | | |