ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽2014 ᠣᠨ ᠤ | ᠥᠪᠡᠷᠲᠡᠭᠡᠨ ᠵᠠᠰᠠᠬᠤ ᠣᠷᠣᠨ ᠤ ᠵᠢᠵᠢᠭ ᠬᠡᠯᠪᠡᠷᠢ ᠶᠢᠨ ᠲᠠᠷᠢᠶᠠᠨ ᠭᠠᠵᠠᠷ ︵ᠮᠠᠯᠵᠢᠬᠤ ᠣᠷᠣᠨ︶ ᠤᠨ ᠤᠰᠤᠨ | ᠠᠰᠢᠭᠯᠠᠯᠲᠠ ᠶᠢᠨ ᠭᠤᠣᠯᠳᠠᠯᠭ᠎ᠠ ᠲᠠᠢ ᠬᠤᠰᠢᠭᠤ ᠰᠢᠶᠠᠨ ᠳᠤ ᠲᠤᠰᠠᠯᠠᠬᠤ ᠪᠡᠯᠡ ᠮᠥᠩᠭᠦ ᠪᠠᠭᠤᠯᠭᠠᠬᠤ ᠲᠣᠬᠠᠢ | ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠠᠯᠠᠱᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠵᠢᠵᠢᠭ | ᠬᠡᠯᠪᠡᠷᠢ ᠶᠢᠨ ᠲᠠᠷᠢᠶᠠᠨ ᠭᠠᠵᠠᠷ ︵ᠮᠠᠯᠵᠢᠬᠤ ᠣᠷᠣᠨ︶ ᠤᠨ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ | ᠬᠤᠰᠢᠭᠤ ᠰᠢᠶᠠᠨ ᠳᠤ ᠲᠤᠰᠠᠯᠠᠬᠤ ᠪᠡᠯᠡ ᠮᠥᠩᠭᠦ ᠶᠢ 1200 ᠲᠦᠮᠡᠨ ᠲᠥᠭᠦᠷᠢᠭ ᠳᠣᠷᠣᠭᠰᠢ ᠪᠠᠭᠤᠯᠭᠠᠨᠥᠭᠪᠡ᠃ | ᠲᠥᠷᠥᠯ ᠵᠦᠢᠯ ᠢ ᠬᠡᠷᠡᠭᠵᠢᠭᠦᠯᠬᠦ ᠭᠠᠵᠠᠷ ᠣᠷᠣᠨ ᠪᠣᠯ ᠠᠯᠠᠱᠠ ᠵᠡᠭᠦᠨ ᠬᠤᠰᠢᠭᠤ ᠪᠠᠶᠢᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠬᠡᠪᠴᠢᠶ᠎ᠡ ᠨᠢ 15222 ᠮᠥ ᠪᠠᠶᠢᠵᠤ᠂ ᠪᠦᠬᠦᠨ ᠢᠶᠠᠷ ᠢᠶᠠᠨ ᠤᠰᠤ | ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ ᠪᠣᠯᠬᠤ ᠪᠥᠭᠡᠳ ᠤᠰᠤᠯᠠᠬᠤ ᠬᠡᠯᠪᠡᠷᠢ ᠨᠢ ᠰᠦᠯᠢᠶᠤᠤ ᠪᠦᠷᠬᠦᠪᠴᠢ ᠪᠠᠷ | ᠪᠦᠷᠬᠦᠬᠦᠯᠵᠦ ᠳᠤᠰᠤᠯᠭᠠᠨ ᠤᠰᠤᠯᠠᠵᠤ᠂ ᠭᠠᠭᠴᠠ ᠡᠷᠦᠬᠡ ᠡᠵᠡᠩᠨᠡᠬᠦ ᠠᠷᠭ᠎ᠠ ᠮᠠᠶ᠋ᠢᠭ ᠢᠶᠠᠷ ᠤᠰᠤ ᠠᠷᠪᠢᠯᠠᠵᠤ | ᠤᠰᠤᠯᠠᠬᠤ ᠥᠭᠡᠷᠡᠴᠢᠯᠡᠯᠲᠡ ᠶᠢᠨ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ᠃ | ᠲᠤᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠲᠥᠷᠥᠯ ᠵᠦᠢᠯ ᠢ ᠬᠡᠷᠡᠭᠵᠢᠭᠦᠯᠬᠦ | ᠭᠠᠵᠠᠷ ᠣᠷᠣᠨ ᠤ ᠲᠡᠵᠢᠭᠡᠯ ᠡᠪᠡᠰᠦᠨ ᠤ ᠭᠠᠵᠠᠷ ᠤᠨ ᠬᠠᠭᠤᠷᠠᠢ ᠡᠪᠡᠰᠦᠨ ᠤ ᠭᠠᠷᠤᠯᠲᠠ ᠶᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠤᠨ ᠪᠦᠳᠦᠭᠦᠯᠢᠭ ᠬᠡᠯᠪᠡᠷᠢ ᠠᠴᠠ ᠪᠠᠨ | ᠡᠷᠴᠢᠮᠵᠢᠭᠦᠯᠦᠭᠰᠡᠨ᠂ ᠣᠳᠣᠬᠢᠴᠢᠯᠠᠭᠰᠠᠨ ᠲᠡᠰᠢ ᠬᠤᠪᠢᠷᠠᠬᠤ ᠶᠢ ᠲᠦᠯᠬᠢᠨ ᠠᠬᠢᠭᠤᠯᠵᠤ᠂ ᠪᠠᠶᠢᠭᠠᠯᠢ ᠶᠢᠨ | ᠭᠠᠮᠰᠢᠭ ᠢ ᠡᠰᠡᠷᠭᠦᠴᠡᠨ ᠲᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠶᠢ | ᠰᠢᠨ᠎ᠡ ᠳᠡᠭᠲᠡᠷ ᠲᠤ ᠭᠠᠷᠭᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠠ ᠬᠠᠮᠲᠤ ᠪᠠᠷ ᠴᠢᠨᠡᠭᠡᠯᠢᠭᠵᠢᠬᠦ ᠶᠢ | ᠪᠡᠶᠡᠯᠡᠭᠦᠯᠬᠦ ᠪᠣᠯᠣᠨ᠎ᠠ᠃ ᠡᠭᠦᠨ ᠤ ᠬᠠᠮᠲᠤ ᠤᠰᠤ ᠠᠷᠪᠢᠯᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ | ᠲᠥᠷᠥᠯ ᠵᠦᠢᠯ ᠤᠨ ᠣᠷᠣᠨ ᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ | ᠠᠯᠠᠱᠠ ᠠᠶᠢᠮᠠᠭ ᠤᠨ ᠤᠰᠤ ᠠᠷᠪᠢᠯᠠᠭᠰᠠᠨ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠢ ᠬᠥᠭᠵᠢᠭᠦᠯᠬᠦ᠂ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ᠂ ᠤᠰᠤ ᠠᠷᠪᠢᠯᠠᠬᠤ ᠤᠰᠤᠯᠠᠯᠲᠠ ᠶᠢ ᠳᠡᠯᠭᠡᠷᠡᠭᠦᠯᠬᠦ ᠳᠤ ᠨᠢᠭᠡᠨ | ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠬᠤ ᠪᠣᠯᠣᠨ᠎ᠠ᠃ | |