ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ | ᠳᠡᠳ᠋ ᠳᠠᠷᠤᠭ᠎ᠠ ᠸᠠᠩ ᠶᠤᠸᠠᠢ ᠬᠤ᠋ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠤᠭᠤᠲᠤ ᠬᠤᠲᠠ ᠳᠤ ᠬᠦᠷᠴᠦ᠂ ᠪᠤᠭᠤᠲᠤ ᠬᠤᠲᠠ ᠶᠢᠨ ᠬᠢᠨ ᠤ ᠲᠥᠪ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠪᠠ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠯᠦ ᠸᠠᠩ ᠪᠦᠯᠦᠭᠯᠡᠯ᠂ | ᠬᠤᠲᠣᠩ ᠠᠷᠠᠳ ᠤᠨ ᠳᠤᠮᠳᠠᠳᠤ ᠰᠤᠷᠭᠠᠭᠤᠯᠢ᠂ ᠬᠤᠤ ᠢᠦᠢ ᠬᠤᠤ ᠯᠠᠯᠤ ᠶᠢᠨ ᠬᠡᠳᠦ ᠳᠡᠯᠭᠡᠭᠦᠷ᠂ | ᠦᠨᠳᠦᠰᠦᠲᠡᠨ ᠤ ᠬᠡᠦᠬᠡᠳ ᠤᠨ ᠴᠡᠴᠡᠷᠯᠢᠭ᠂ ᠪᠠᠶᠠᠨ ᠵᠠᠮ ᠤᠨ ᠬᠡᠷᠡᠭ ᠡᠷᠬᠢᠯᠡᠬᠦ ᠭᠠᠵᠠᠷ ᠵᠡᠷᠭᠡ ᠲᠤᠬᠠᠶ ᠶᠢᠨ | ᠭᠠᠵᠠᠷ ᠢᠶᠠᠷ ᠪᠠᠶᠢᠴᠠᠭᠠᠨ ᠦᠵᠡᠵᠦ᠂ ᠪᠤᠭᠤᠲᠤ ᠬᠤᠲᠠ ᠶᠢᠨ ᠦᠨᠳᠦᠰᠦᠲᠡᠨ ᠤ ᠰᠤᠷᠭᠠᠨ ᠬᠥᠮᠦᠵᠢᠯ ᠢ | ᠬᠥᠭᠵᠢᠭᠦᠯᠵᠦ ᠪᠠᠶᠢᠭ᠎ᠠ᠂ ᠬᠤᠲᠠ ᠶᠢᠨ ᠦᠨᠳᠦᠰᠦᠲᠡᠨ ᠤ ᠠᠵᠢᠯ ᠢ ᠦᠷᠨᠢᠭᠦᠯᠵᠦ ᠪᠠᠶᠢᠭ᠎ᠠ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠪᠠᠶᠢᠭ᠎ᠠ ᠵᠡᠷᠭᠡ ᠲᠠᠯ᠎ᠠ ᠶᠢᠨ ᠪᠠᠶᠢᠳᠠᠯ ᠢ ᠪᠣᠳᠠᠲᠠᠢ ᠣᠶᠢᠯᠠᠭᠠᠪᠠ᠃ |