ᠠᠶᠢᠮᠠᠭ ᠢᠶᠠᠨ ᠬᠠᠦᠯᠢ ᠪᠠᠷ ᠵᠠᠰᠠᠬᠤ ᠪᠠᠶᠢᠭᠤᠯᠤᠯᠲᠠ ᠶᠢᠨ ᠠᠬᠢᠴᠠ ᠶᠢ ᠦᠨᠡᠨᠬᠦ ᠳᠥᠯᠭᠢᠨ ᠠᠬᠢᠭᠤᠯᠵᠤ᠂ | ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠴᠥᠭᠡᠨ ᠲᠤᠭᠠᠳᠦ ᠦᠨᠳᠦᠰᠦᠲᠡᠨ ᠤ ᠣᠯᠠᠨ ᠲᠦᠮᠡᠨ ᠳᠤ | ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠢᠨ ᠲᠤᠰᠠᠲᠠ᠂ ᠰᠢᠯᠢ ᠶᠢᠨ ᠭᠤᠤᠯ ᠠᠶᠢᠮᠠᠬ | 12348 ᠭᠡᠬᠦ ᠮᠣᠩᠭᠤᠯ ᠬᠢᠲᠠᠳ ᠬᠤᠣᠰ ᠬᠡᠯᠡᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠠᠪᠴᠠᠩ ᠢ ᠵᠢᠩᠬᠢᠨᠢ ᠪᠠᠷ ᠡᠬᠢᠯᠡᠭᠦᠯᠪᠡ᠃ ᠲᠤᠰ ᠲᠠᠪᠴᠠᠩ ᠪᠣᠯ ᠭᠠᠷ ᠳ᠋ᠢᠶᠠᠩᠬᠤᠸᠠ ᠲᠣᠰᠬᠤ ᠳᠤ ᠲᠣᠣᠷ | ᠰᠦᠯᠵᠢᠶ᠎ᠡ ᠪᠤᠶᠤ ᠣᠬᠤᠷ ᠮᠡᠳᠡᠭᠡ ᠶᠢ ᠪᠠᠭᠲᠠᠭᠠᠭᠰᠠᠨ ᠠᠷᠭ᠎ᠠ ᠮᠠᠶ᠋ᠢᠭ ᠢᠶᠠᠷ ᠬᠦᠯᠢᠶᠡᠨ ᠠᠪᠴᠤ ᠰᠢᠢᠳᠪᠦᠷᠢᠯᠡᠬᠦ᠂ | ᠳ᠋ᠢᠶᠠᠩᠬᠤᠸᠠ ᠶᠢᠨ ᠳᠠᠭᠤ ᠰᠢᠩᠭᠡᠭᠡᠯᠲᠡ ᠪᠠᠷ ᠪᠠᠶᠢᠴᠠᠭᠠᠨ ᠠᠰᠠᠭᠤᠬᠤ᠂ ᠠᠵᠢᠯ ᠤᠨ ᠪᠠᠷᠢᠮᠲᠠ ᠪᠠᠷ ᠲᠤᠰᠢᠶᠠᠨ | ᠰᠢᠢᠳᠪᠦᠷᠢᠯᠡᠭᠦᠯᠬᠦ ᠰᠢᠯᠵᠢᠭᠦᠯᠦᠨ ᠰᠢᠢᠳᠪᠦᠷᠢᠯᠡᠭᠦᠯᠬᠦ᠂ ᠮᠡᠳᠡᠭᠡ ᠵᠠᠩᠭᠢ ᠶᠢᠨ ᠬᠡᠯᠬᠢᠶᠡᠰᠦ ᠪᠣᠯᠣᠨ ᠣᠶᠤᠨᠲᠤ ᠲᠤᠭ᠎ᠠ | ᠪᠦᠷᠢᠳᠬᠡᠯ ᠵᠡᠷᠭᠡ ᠣᠯᠠᠨ ᠵᠦᠢᠯ ᠤᠨ ᠦᠢᠯᠡᠴᠢᠯᠡᠭᠡ ᠪᠣᠯᠣᠨ ᠬᠠᠮᠢᠶᠠᠷᠤᠯᠲᠠ ᠶᠢᠨ ᠴᠢᠳᠠᠪᠬᠢ ᠶᠢ ᠨᠢᠭᠡ ᠴᠣᠭᠴᠠ | ᠪᠣᠯᠭᠠᠭᠰᠠᠨ ᠲᠤᠭᠠᠵᠢᠭᠤᠯᠣᠭᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠪᠣᠯᠣᠨ᠎ᠠ᠃ ᠣᠯᠠᠨ ᠲᠦᠮᠡᠨ | 12348 ᠶᠢᠨ ᠰᠢᠭᠤᠳ ᠨᠡᠪᠲᠡᠷᠡᠬᠦ ᠳ᠋ᠢᠶᠠᠩᠬᠤᠸᠠ᠂ 12348 ᠰᠦᠯᠵᠢᠶᠡᠨ ᠳᠡᠭᠡᠷᠡᠬᠢ ᠦᠢᠯᠡᠴᠢᠯᠡᠭᠡᠨ ᠤ ᠶᠡᠭᠡ | ᠲᠠᠩᠬᠢᠮ ᠵᠢᠴᠢ ᠪᠢᠴᠢᠯ ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠤᠨ ᠪᠠᠭᠠᠵᠢ ᠪᠠᠷ ᠳᠠᠮᠵᠢᠨ᠂ ᠬᠡᠷᠡᠭᠴᠡᠭᠡ | ᠪᠥᠬᠦᠢ ᠬᠠᠤᠯᠢ ᠴᠠᠭᠠᠵᠠ ᠶᠢᠨ ᠦᠢᠯᠡᠴᠢᠯᠡᠭᠡ ᠪᠠᠨ ᠴᠠᠭ ᠲᠤᠬᠠᠶ ᠳᠤᠨᠢ ᠪᠦᠲᠦᠮᠵᠢᠲᠡᠶ ᠪᠠᠷ ᠣᠯᠵᠤ ᠪᠣᠯᠣᠨ᠎ᠠ᠃ ᠲᠤᠰ | ᠲᠠᠪᠴᠠᠩ ᠨᠢ ᠳ᠋ᠢᠶᠠᠩᠬᠤᠸᠠ ᠵᠠᠯᠭᠠᠯᠲᠠ ᠶᠢᠨ ᠲᠥᠪ᠂ ᠲᠣᠣᠷ ᠰᠦᠯᠵᠢᠶᠡᠨ ᠤ ᠲᠥᠪ᠂ ᠰᠢᠨ᠎ᠡ ᠵᠠᠭᠤᠴᠢᠯᠠᠭᠤᠷ ᠤᠨ | ᠲᠥᠪ᠂ ᠪᠣᠲᠠᠲᠦ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢᠶᠠᠷ ᠳᠠᠮᠵᠢᠭᠤᠯᠤᠨ᠂ ᠣᠯᠠᠨ ᠲᠦᠮᠡᠨ ᠤ | ᠯᠠᠪᠯᠠᠯᠭ᠎ᠠ ᠠᠪᠬᠤ ᠪᠠ ᠲᠤᠰᠠᠯᠠᠮᠵᠢ ᠭᠤᠶᠤᠴᠢᠯᠠᠬᠤ ᠶᠢ ᠬᠦᠯᠢᠶᠡᠨ ᠠᠪᠴᠤ᠂ ᠬᠠᠤᠯᠢ ᠴᠠᠭᠠᠵᠠ ᠶᠢᠨ ᠮᠠᠳᠠᠭ ᠲᠠᠢ | ᠠᠰᠠᠭᠤᠳᠠᠯ ᠢ ᠲᠠᠶᠢᠯᠪᠤᠷᠢᠯᠠᠬᠤ᠂ ᠵᠢᠭᠤᠷᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠬᠦ᠂ ᠬᠠᠤᠯᠢ ᠴᠠᠭᠠᠵᠠ ᠶᠢᠨ | ᠰᠢᠯᠭᠠᠯᠲᠠ᠂ ᠠᠯᠪᠠᠨ ᠭᠡᠷᠡᠴᠢᠯᠡᠭᠡᠨ ᠤ ᠬᠡᠷᠡᠭ ᠶᠠᠪᠤᠳᠠᠯ᠂ ᠬᠠᠤᠯᠢᠴᠢ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠬᠦ ᠵᠡᠷᠭᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠨᠡᠷᠡᠳᠬᠦᠨ ᠪᠠ ᠦᠢᠯᠡᠴᠢᠯᠡᠭᠡ | ᠬᠠᠨᠭ᠍ᠭᠠᠵᠤ᠂ ᠡᠭᠦᠨ ᠤ ᠤᠯᠠᠮ ᠢᠶᠠᠷ ᠣᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠯ᠎ᠠ ᠪᠠᠷ | ᠬᠠᠷᠰᠢ ᠰᠠᠭᠠᠳ ᠦᠭᠡᠢ ᠪᠠᠶᠢᠯᠭᠠᠬᠤ ᠶᠢ ᠪᠡᠶᠡᠯᠡᠭᠦᠯᠬᠦ ᠪᠣᠯᠣᠨ᠎ᠠ᠃ ᠲᠤᠰ ᠲᠠᠪᠴᠠᠩ ᠨᠢ ᠪᠠᠰᠠ ᠪᠦᠬᠦ ᠣᠷᠣᠨ ᠤ | ᠠᠩᠬᠠᠳᠠᠭᠴᠢ ᠮᠣᠩᠭᠤᠯ ᠬᠢᠲᠠᠳ ᠬᠤᠣᠰ ᠬᠡᠯᠡ ᠶᠢ ᠬᠡᠷᠡᠭᠯᠡᠭᠰᠡᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ | ᠪᠣᠯᠣᠨ᠎ᠠ᠃ |