ᠪᠦᠬᠦ ᠤᠷᠤᠨ ᠤ ᠤᠬᠠᠭᠤᠯᠬᠤ ᠬᠡᠯᠳᠡᠰ ᠤᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/6/29
     6 ᠳ᠋ᠤᠭᠠᠷ ᠰᠠᠷ᠎ᠠ ᠶᠢᠨ 28᠎ ᠤ ᠦᠳᠡ ᠶᠢᠨ ᠬᠤᠶᠢᠨ᠎ᠠ᠂ ᠪᠦᠬᠦ ᠤᠷᠤᠨ ᠤ ᠤᠬᠠᠭᠤᠯᠬᠤ ᠬᠡᠯᠳᠡᠰ ᠤᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠤᠯᠠᠭᠠᠨ ᠬᠤᠷᠠᠯ ᠡᠷᠬᠢᠯᠡᠭᠰᠡᠨ ᠤ ᠬᠠᠮᠳᠤ ᠶᠠᠷᠢᠶ᠎ᠠ ᠳᠠᠯᠪᠢᠪᠠ᠃      ᠤᠯᠠᠭᠠᠨ ᠵᠢᠭᠠᠵᠦ ᠭᠠᠷᠭᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶᠎ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠴᠠᠭ ᠤᠨ ᠪᠠᠶᠢᠳᠠᠯ ᠤᠨ ᠵᠠᠳᠠᠯᠤᠯᠳᠠ ᠰᠤᠳᠤᠯᠤᠨ ᠮᠠᠭᠠᠳᠯᠠᠯᠳᠠ ᠪᠠ ᠦᠵᠡᠯ ᠤᠬᠠᠮᠰᠠᠷ ᠤᠨ ᠬᠡᠯᠪᠡᠷᠢ ᠶᠢᠨ ᠤᠳᠤᠷᠢᠳᠤᠨ ᠵᠢᠯᠤᠭᠤᠳᠬᠤ ᠬᠠᠮᠢᠶᠠᠷᠤᠯᠳᠡ ᠶᠢ ᠴᠢᠩᠭᠠᠳᠬᠠᠬᠤ ᠬᠡᠷᠡᠭᠳᠡᠢ᠃ ᠦᠷᠬᠦᠯᠵᠢᠯᠡᠨ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠰᠤᠷᠤᠯᠴᠠᠬᠤ ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ︽ᠭᠤᠷᠪᠡᠨ ᠴᠢᠩᠭ᠎ᠠ ᠭᠤᠷᠪᠡᠨ ᠪᠤᠳᠠᠳᠠᠢ︾ ᠳᠤᠰᠬᠠᠢ ᠰᠡᠳᠤᠪᠳᠤ ᠬᠦᠮᠦᠵᠢᠯ ᠢ ᠦᠷᠨᠢᠬᠦᠯᠬᠦ ᠲᠠᠢ ᠤᠶᠠᠯᠳᠤᠭᠤᠯᠤᠨ᠂ ︽ᠭᠤᠷᠪᠡ ᠶᠢ ᠳᠠᠶᠢᠴᠢᠯᠠᠵᠦ ᠭᠤᠷᠪᠡ ᠶᠢ ᠡᠬᠦᠳᠬᠦ︾ ᠠᠵᠢᠯᠯᠠᠭ᠎ᠠ ᠶᠢ ᠬᠦᠨᠵᠡᠭᠡᠶᠢᠷᠡᠬᠦᠯᠬᠦ ᠬᠡᠷᠡᠭᠳᠡᠢ᠃ 2015 ᠤᠨ ᠤ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠢ ᠪᠤᠯᠭᠠᠠ ᠦᠢᠯᠡᠳᠤᠯᠭᠡᠵᠢᠬᠦᠯᠬᠦ ᠠᠵᠢᠯᠯᠠᠭ᠎ᠠ ᠶᠢᠨ ᠲᠦᠰᠦᠪ ᠢ ᠵᠤᠬᠢᠶᠠᠨ ᠪᠠᠶᠢᠭᠤᠯᠤᠨ ᠰᠠᠶᠢᠳᠤᠷ ᠬᠡᠷᠡᠭᠵᠢᠬᠦᠯᠵᠦ᠂ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠳᠤᠬᠳᠠᠭᠠᠠ ᠲᠡᠭᠦᠯᠲᠡᠷᠵᠢᠬᠦᠯᠬᠦ ᠬᠡᠷᠡᠭᠳᠡᠢ᠃ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠵᠦ᠂ ᠦᠭᠡᠷᠡᠴᠢᠯᠡᠯᠳᠡ ᠶᠢᠨ ᠭᠤᠤᠯᠳᠠᠯᠭ᠎ᠠ ᠶᠢ ᠳᠤᠪᠤᠶᠢᠯᠭᠠᠨ᠂ ᠳᠤᠷᠰᠢᠯᠳᠠ ᠶᠢᠨ ᠴᠢᠭ᠋ ᠤᠨ ᠠᠵᠢᠯ ᠢ ᠴᠢᠩᠭᠠᠳᠬᠠᠬᠤ ᠬᠡᠷᠡᠭᠳᠡᠢ ᠭᠡᠵᠡᠢ᠃      ᠤᠯᠠᠭᠠᠨ ᠴᠢᠬᠤᠯᠠᠴᠢᠯᠠᠭᠰᠠᠨ ᠨᠢ᠂ ︽ᠲᠦᠷᠪᠡᠨ ᠪᠦᠬᠦ ᠳᠠᠯ᠎ᠠ︾᠎ ᠶᠢ ᠤᠬᠠᠭᠤᠯᠤᠨ ᠳᠠᠶᠢᠯᠪᠤᠷᠢᠯᠠᠬᠤ ᠶᠢ ᠪᠦᠬᠦ ᠵᠢᠯ ᠳᠤ ᠳᠤᠤᠱᠯᠠᠭᠤᠯᠬᠤ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠦᠵᠡᠮᠵᠢᠳᠤ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ︾ ᠵᠡᠷᠭᠡ ᠭᠤᠤᠯᠳᠠᠯᠭ᠎ᠠ ᠲᠠᠢ ᠪᠠᠶᠢᠷᠢᠯᠠᠭᠤᠯᠤᠯᠳᠠ ᠶᠢᠨ ᠳᠤᠭᠤᠷᠢᠨ ᠳᠤ᠂ ᠦᠨᠳᠤᠰᠤᠨ ᠱᠠᠳᠤᠨ ᠤ ᠠᠮᠢᠳᠤᠯᠢᠭ ᠮᠡᠳᠡᠭᠡᠯᠡᠯ ᠢ ᠤᠯᠠᠨᠳᠠ ᠰᠤᠷᠪᠤᠯᠵᠢᠯᠠᠨ ᠮᠡᠳᠡᠭᠡᠯᠡᠵᠦ᠂ ᠤᠬᠠᠭᠤᠯᠭ᠎ᠠ ᠶᠢ ᠨᠡᠩ ᠬᠦᠨᠵᠡᠭᠡᠢ ᠬᠢᠵᠦ᠂ ᠨᠡᠩ ᠬᠥᠨᠵᠡᠬᠡᠢ ᠦᠷᠨᠢᠬᠦᠯᠬᠦ ᠬᠡᠷᠡᠭᠳᠡᠢ᠃ ︽ᠲᠦᠷᠪᠡᠨ ᠭᠤᠤᠯ ᠰᠡᠳᠤᠪᠳᠤ ᠠᠵᠢᠯᠯᠠᠭ᠎ᠠ︾᠎ ᠶᠢ ᠦᠷᠬᠦᠯᠵᠢᠯᠡᠨ ᠠᠬᠢᠭᠤᠯᠵᠦ᠂ ᠭᠤᠤᠯᠯᠠᠭᠴᠢ ᠦᠷᠳᠡᠭ ᠤᠨ ᠦᠵᠡᠯᠳᠡ᠂ ᠳᠤᠮᠳᠠᠳᠤ ᠶᠢᠨ ᠵᠡᠬᠦᠳᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠵᠡᠷᠭᠡ ᠭᠤᠷᠪᠡᠨ ᠳᠤᠮᠤ ᠭᠤᠤᠯ ᠰᠡᠳᠤᠪᠳᠤ ᠡᠬᠦᠳᠦᠨ ᠪᠦᠳᠦᠭᠡᠯᠳᠡ ᠶᠢ ᠰᠠᠶᠢᠳᠤᠷ ᠵᠤᠬᠢᠶᠠᠨ ᠪᠠᠶᠢᠭᠤᠯᠬᠤ ᠬᠡᠷᠡᠭᠳᠡᠢ᠃ ᠡᠬᠦᠨ ᠤ ᠬᠠᠮᠳᠤ᠂ ᠳᠤᠮᠳᠠᠳᠤ ᠶᠢᠨ ᠦᠯᠢᠭᠡᠷ ᠪᠤᠯᠤᠨ ᠳᠤᠮᠳᠠᠳᠤ ᠤᠯᠤᠰ ᠤᠨ ᠦᠪᠤᠷ ᠮᠤᠩᠭᠤᠯ ᠤᠨ ᠦᠯᠢᠭᠡᠷ ᠢ ᠰᠠᠶᠢᠳᠤᠷ ᠶᠠᠷᠢᠬᠤ ᠴᠢᠳᠠᠪᠤᠷᠢ ᠪᠠᠨ ᠨᠡᠮᠡᠭᠳᠡᠬᠦᠯᠵᠦ᠂ ︽ᠨᠠᠢᠮᠠᠨ ᠲᠦᠷᠦᠯ ᠤᠨ ᠦᠯᠢᠭᠡᠷ︾᠎ ᠢ ᠰᠠᠶᠢᠳᠤᠷ ᠶᠠᠷᠢᠵᠦ᠂ ᠡᠩᠨᠡᠭᠡ ᠪᠠᠨ ᠰᠠᠶᠢᠳᠤᠷ ᠪᠠᠶᠢᠭᠤᠯᠵᠦ᠂ ᠦᠯᠢᠭᠡᠷ ᠤᠨ ᠬᠦᠮᠦᠷᠭᠡ ᠭᠠᠷᠭᠠᠬᠤ ᠬᠡᠷᠡᠭᠳᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号