ᠪᠦᠬᠦ ᠤᠷᠤᠨ ᠤ ᠮᠠᠯ ᠠᠵᠦ ᠠᠬᠤᠢ ᠶᠢᠨ ᠠᠵᠢᠯ ᠤᠨ ᠬᠤᠷᠠᠯᠳᠤᠭᠠᠨ ᠤᠯᠠᠭᠠᠨᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/6/29
     6 ᠳ᠋ᠤᠭᠠᠷ ᠰᠠᠷ᠎ᠠ ᠶᠢᠨ 25 ᠊᠊᠊᠊᠊ 26᠎ ᠤ ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠮᠠᠯ ᠠᠵᠦ ᠠᠬᠤᠢ ᠶᠢᠨ ᠠᠵᠢᠯ ᠤᠨ ᠬᠤᠷᠠᠯᠳᠤᠭᠠᠨ ᠬᠢᠨᠭ᠍ᠭᠠᠨ ᠠᠶᠢᠮᠠᠭ ᠤᠨ ᠤᠯᠠᠭᠠᠨᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠪᠦᠷᠢᠨ ᠶᠠᠷᠢᠶ᠎ᠡ ᠲᠠᠯᠪᠢᠪᠠ᠃       ᠪᠦᠷᠢᠨ ᠶᠠᠷᠢᠶ᠎ᠡ ᠳᠠᠭᠠᠨ ᠱᠠᠭᠠᠷᠳᠠᠭᠰᠠᠨ ᠨᠢ᠂ ᠠᠵᠦ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠳᠤ ᠬᠠᠨᠳᠤᠭᠤᠯᠤᠨ᠂ ᠮᠠᠯ ᠠᠵᠤ ᠠᠬᠤᠢ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠣᠨᠴᠠᠯᠢᠭ ᠢ ᠰᠠᠨᠠᠭᠠᠴᠢᠯᠠᠭ᠎ᠠ ᠲᠠᠢ ᠪᠠᠷ ᠡᠵᠡᠮᠰᠢᠨ᠂ ᠨᠢᠭᠡ ᠲᠠᠯ᠎ᠠ ᠪᠠᠷ ᠥᠭᠡᠷᠡᠴᠢᠯᠡᠯᠲᠡ ᠶᠢ ᠠᠳᠬᠤᠬᠤ᠂ ᠨᠥᠭᠦᠭᠡ ᠲᠠᠯ᠎ᠠ ᠪᠠᠷ ᠬᠥᠭᠵᠢᠯᠲᠡ ᠶᠢ ᠠᠳᠬᠤᠬᠤ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠎ ᠲᠠᠢ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠤᠷᠤᠨ ᠤ ᠮᠠᠯ ᠠᠵᠦ ᠠᠬᠤᠢ ᠶᠢᠨ ᠥᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠨᠢᠨ ᠤ ᠡᠭᠦᠯᠳᠡᠷ ᠤᠨ ᠦᠢᠯᠡᠰ ᠤᠨ ᠬᠥᠭᠵᠢᠯᠲᠡ ᠶᠢ ᠲᠥᠷᠭᠡᠳᠭᠡᠨ ᠠᠬᠢᠭᠤᠯᠵᠤ᠂ ᠳᠠᠪᠠᠭᠤᠯᠢᠭ ᠮᠠᠯ ᠤᠨ ᠡᠭᠦᠯᠳᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠲᠠᠯ᠎ᠠ ᠨᠤᠲᠤᠭ ᠤᠨ ᠨᠡᠷᠡᠲᠦ ᠲᠥᠷᠥᠯ ᠲᠡᠮᠳᠡᠭᠲᠦ ᠶᠢᠨ ᠮᠥᠷᠳᠡᠬᠦ ᠴᠢᠬᠢᠨ ᠲᠡᠮᠳᠡᠭ ᠤᠨ ᠲᠤᠷᠰᠢᠯᠲᠠ ᠶᠢᠨ ᠴᠢᠭ᠋ ᠤᠨ ᠠᠵᠢᠯ ᠢ ᠤᠯᠠᠨ ᠨᠢᠭᠡ ᠠᠯᠬᠤᠮ ᠥᠷᠭᠡᠳᠬᠡᠨ᠂ ᠮᠠᠯ ᠵᠢᠭᠦᠷᠲᠡᠨ ᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠶᠠᠰᠤ ᠴᠢᠨᠠᠷ ᠤᠨ ᠠᠮᠤᠷ ᠲᠥᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ ᠤ ᠳᠠᠭᠠᠳᠬᠠᠯ ᠤᠨ ᠳᠦᠷᠢᠮ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠵᠠᠮ ᠨᠡᠬᠡᠬᠡᠨ ᠰᠢᠨ᠎ᠡ ᠶᠢ ᠡᠭᠦᠳᠴᠦ᠂ ᠮᠠᠨ ᠤ ᠣᠷᠣᠨ ᠤ ᠪᠣᠬᠢᠷᠳᠤᠯ ᠦᠭᠡᠢ  ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠬᠤ ᠬᠡᠷᠡᠭᠲᠡᠢ ᠭᠡᠵᠡᠢ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠳ ᠪᠠᠰᠠ ᠥᠪᠥᠷ ᠮᠣᠩᠭᠤᠯ ᠤᠨ ᠯᠠᠢ ᠳ᠋ᠧ ᠠᠳᠤᠭᠤᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠦᠴᠢᠤᠧᠠᠨ ᠰᠢᠶᠠᠨ ᠤ ᠱᠦ ᠭᠤᠧᠠᠩ ᠣᠳᠣ ᠦᠶ᠎ᠡ ᠶᠢᠨ ᠲᠡᠵᠢᠭᠡᠵᠦ ᠦᠷᠡᠵᠢᠭᠦᠯᠬᠦ ᠬᠦᠷᠢᠶᠠᠯᠠᠩ ᠲᠤᠭᠤᠷᠢᠭ᠂ ᠥᠪᠥᠷ ᠮᠣᠩᠭᠤᠯ ᠤᠨ ᠮᠧᠩ ᠪᠧᠨ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠠ ᠭᠥᠩ ᠮᠠᠯ ᠪᠡᠯᠴᠢᠭᠡᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠲᠣᠭᠤᠷᠢᠨ ᠦᠵᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号