ᠦᠨᠳᠦᠰᠦᠲᠡᠨ ᠤ ᠣᠨᠴᠠᠯᠢᠭ ᠪᠦᠬᠦᠢ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠳᠥᠯᠭᠢᠨ | ᠠᠬᠢᠭᠤᠯᠬᠤ ᠶᠢᠨ ᠲᠥᠯᠥᠭᠡ᠂ ᠲᠦᠩᠯᠢᠶᠣᠤ ᠬᠤᠲᠠ 1 ᠠᠴᠠ 2 ᠵᠢᠯ ᠤᠨ ᠴᠠᠭ ᠬᠤᠭᠤᠴᠠᠭ᠎ᠠ ᠶᠢ ᠠᠰᠢᠭᠯᠠᠨ᠂ | ᠨᠢᠭᠡᠨᠲᠡ ᠠᠩᠬ᠎ᠠ ᠠᠯᠬᠤᠮ ᠤᠨ ᠨᠥᠯᠥᠭᠡ ᠪᠠ ᠬᠡᠪᠴᠢᠶ᠎ᠡ ᠲᠠᠢ ᠪᠣᠯᠣᠭᠰᠠᠨ ᠦᠨᠳᠦᠰᠦᠲᠡᠨ ᠤ ᠬᠤᠪᠴᠠᠰᠤ ᠵᠠᠰᠠᠯ᠂ | ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠦᠨᠳᠦᠰᠦᠲᠡᠨ ᠤ ᠢᠳᠡᠭᠡᠨ᠂ ᠦᠨᠳᠦᠰᠦᠲᠡᠨ ᠤ ᠬᠥᠭᠵᠢᠮ | ᠵᠡᠷᠭᠡ ᠪᠠᠷ ᠭᠤᠣᠯᠯᠠᠭᠤᠯᠤᠨ ᠦᠨᠳᠦᠰᠦᠲᠡᠨ ᠤ ᠡᠳ᠋ᠯᠡᠯ ᠬᠡᠷᠡᠭᠰᠡᠯ ᠪᠠ ᠦᠨᠳᠦᠰᠦᠲᠡᠨ ᠤ ᠰᠣᠶᠣᠯ ᠤᠨ ᠠᠵᠤ | ᠠᠬᠤᠶ ᠶᠢᠨ ᠬᠤᠷᠰᠢᠭᠰᠠᠨ ᠴᠣᠭᠴᠠ ᠶᠢ ᠪᠠᠶᠢᠭᠤᠯᠤᠨ᠂ ᠠᠵᠢᠯ ᠲᠥᠷᠥᠯ ᠤᠨ ᠳᠣᠲᠣᠷ᠎ᠠ ᠪᠠᠨ ᠨᠢᠭᠡᠳᠦᠯᠲᠡᠢ ᠲᠥᠷᠥᠯ | ᠲᠡᠮᠳᠡᠭ ᠲᠠᠢ᠂ ᠨᠢᠭᠡᠳᠦᠯᠲᠡᠶ ᠪᠠᠷᠢᠮᠵᠢᠶ᠎ᠠ ᠲᠠᠢ᠂ ᠨᠢᠭᠡᠳᠦᠯᠲᠡᠶ ᠡᠵᠡᠩᠨᠡᠨ ᠪᠣᠷᠣᠯᠠᠭᠤᠯᠬᠤ ᠪᠠᠷᠢᠮᠵᠢᠶᠠᠵᠢᠭᠤᠯᠤᠨ | ᠦᠢᠯᠡᠳᠪᠦᠷᠢᠯᠡᠬᠦ ᠪᠠ ᠬᠡᠪᠴᠢᠶᠡᠵᠢᠭᠦᠯᠦᠨ ᠡᠵᠡᠩᠨᠡᠬᠦ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠬᠤ ᠪᠠᠷ | ᠲᠥᠯᠥᠪᠯᠡᠵᠦ ᠪᠤᠢ᠃ ᠨᠠᠭᠠᠳᠤᠮ ᠤᠨ ᠵᠠᠩ ᠦᠢᠯᠡ ᠶᠢᠨ ᠬᠦᠷᠢᠶᠡᠯᠡᠩ ᠢ ᠦᠨᠳᠦᠰᠦᠲᠡᠨ ᠤ ᠣᠨᠴᠠᠯᠢᠭᠲᠤ ᠬᠡᠷᠡᠭᠰᠡᠯ | ᠭᠠᠷ ᠤᠷᠠᠯᠠᠯ ᠤᠨ ᠪᠦᠲᠦᠭᠡᠭᠳᠡᠬᠦᠨ᠂ ᠦᠨᠳᠦᠰᠦᠲᠡᠨ ᠤ ᠬᠤᠭᠤᠯᠠ ᠤᠮᠳᠠᠭᠠᠨ᠂ ᠦᠨᠳᠦᠰᠦᠲᠡᠨ ᠤ ᠡᠳ᠋ᠯᠡᠯ | ᠬᠡᠷᠡᠭᠰᠡᠯ ᠤᠨ ᠦᠵᠡᠭᠦᠯᠦᠯᠭᠡ᠂ ᠵᠢᠭᠤᠯᠴᠢᠯᠠᠨ ᠲᠣᠭᠤᠷᠢᠬᠤ᠂ ᠴᠤᠭᠯᠠᠭᠠᠨ ᠬᠢᠵᠦ ᠠᠮᠠᠷᠠᠬᠤ᠂ ᠰᠡᠯᠡᠭᠦᠴᠡᠯ ᠵᠤᠭ᠎ᠠ | ᠴᠡᠩᠭᠡᠯ ᠢ ᠨᠢᠭᠡ ᠴᠣᠭᠴᠠ ᠪᠣᠯᠭᠠᠭᠰᠠᠨ ᠦᠨᠳᠦᠰᠦᠲᠡᠨ ᠤ ᠣᠨᠴᠠᠯᠢᠭ ᠪᠦᠬᠦᠢ ᠬᠦᠷᠢᠶᠡᠯᠡᠩ ᠲᠣᠭᠤᠷᠢᠭ ᠪᠣᠯᠭᠠᠨ | ᠠᠯᠬᠤᠮ ᠠᠯᠬᠤᠮ ᠢᠶᠠᠷ ᠪᠦᠲᠦᠭᠡᠨ ᠪᠠᠶᠢᠭᠤᠯᠬᠤ ᠪᠠᠷ ᠪᠠᠶᠢᠨ᠎ᠠ᠃ ᠴᠥᠭᠡᠨ ᠲᠤᠭᠠᠳᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠭᠡᠳ ᠵᠢᠭᠤᠯᠴᠢᠯᠠᠯ᠂ ᠰᠣᠶᠣᠯ ᠤᠨ ᠭᠦᠨᠵᠡᠭᠡᠶ ᠠᠭᠤᠰᠤᠯᠴᠠᠯ ᠢ | ᠲᠦᠯᠬᠢᠨ ᠠᠬᠢᠭᠤᠯᠵᠤ᠂ ᠪᠢᠯᠠᠭᠤ᠂ ᠮᠣᠷᠢ ᠤᠷᠤᠯᠳᠤᠬᠤ᠂ ᠡᠷᠡᠭᠲᠡᠶ ᠡᠮᠡᠭᠲᠡᠶ ᠶᠢᠨ ᠪᠥᠭᠡ᠂ ᠰᠤᠷ ᠬᠠᠷᠪᠤᠬᠤ ᠵᠡᠷᠭᠡ | ᠴᠥᠭᠡᠨ ᠲᠤᠭᠠᠳᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠣᠯᠪᠠᠰᠤᠷᠠᠯ ᠤᠨ | 5 ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠲᠦᠷᠭᠡᠳᠬᠡᠵᠦ ᠪᠤᠢ᠃ ᠵᠡᠭᠦᠨ ᠬᠤᠶᠢᠲᠤ ᠣᠷᠣᠨ ᠤ ᠳᠥᠷᠪᠡᠨ | ᠮᠤᠵᠢ ᠣᠷᠣᠨ ᠤ ᠦᠨᠳᠦᠰᠦᠲᠡᠨ ᠤ ᠡᠳ᠋ᠯᠡᠯ ᠬᠡᠷᠡᠭᠰᠡᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠢᠳᠡᠪᠬᠢᠲᠡᠶ ᠪᠠᠷ | ᠠᠬᠢᠭᠤᠯᠬᠤ ᠶᠢᠨ ᠬᠠᠮᠲᠤ ᠬᠡᠪᠴᠢᠶ᠎ᠡ ᠶᠢ ᠨᠢ ᠠᠯᠬᠤᠮ ᠠᠯᠬᠤᠮ ᠢᠶᠠᠷ ᠦᠷᠭᠡᠳᠭᠡᠨ᠂ 3 ᠵᠢᠯ ᠤᠨ ᠳᠣᠲᠣᠷ᠎ᠠ ᠨᠠᠢᠮᠠᠨ | ᠮᠤᠵᠢ ᠣᠷᠣᠨ ᠴᠢᠨᠠᠭᠰᠢᠯᠠᠪᠠᠯ ᠪᠦᠬᠦ ᠤᠯᠤᠰ ᠤᠨ ᠬᠡᠪᠴᠢᠶᠡᠨ ᠳᠤ ᠨᠥᠯᠥᠭᠡᠯᠡᠬᠦ ᠬᠦᠴᠦᠨ ᠲᠠᠢ ᠴᠤᠭᠯᠠᠭᠠᠨ | ᠦᠵᠡᠰᠬᠦᠯᠡᠩ ᠤᠨ ᠲᠥᠷᠥᠯ ᠲᠡᠮᠳᠡᠭ ᠪᠣᠯᠭᠠᠨ ᠡᠷᠬᠢᠯᠡᠬᠦ ᠪᠠᠷ ᠴᠢᠷᠮᠠᠶᠢᠵᠤ ᠪᠤᠢ᠃ |