ᠡᠷᠢᠶᠡᠨ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠴᠤ ︽ᠠᠷᠪᠠ ᠪᠠᠷ ᠪᠦᠬᠦᠨ ᠢ ᠬᠠᠮᠤᠷᠬᠤ︾᠎ ᠶᠢ ᠤᠬᠠᠭᠤᠯᠵᠤ ᠪᠤᠢ
ᠨᠡᠶᠢᠲᠡᠯᠡᠭᠰᠡᠨ ᠴᠠᠭ᠄
2015/6/29
     ︽ᠠᠷᠪᠠ ᠪᠠᠷ ᠪᠦᠬᠦᠨ ᠢ ᠬᠠᠮᠤᠷᠬᠤ︾ ᠭᠡᠰᠡᠨ ᠡᠨᠡᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ  ᠬᠡᠷᠡᠭᠵᠢᠭᠦᠯᠵᠦ ᠪᠠᠶᠢᠭ᠎ᠠ ᠶᠢ ᠨᠡᠩ ᠣᠯᠠᠨ ᠬᠥᠮᠦᠨ ᠳᠤ ᠮᠡᠳᠡᠭᠳᠡᠭᠦᠯᠬᠦ ᠶᠢᠨ ᠲᠤᠰᠠᠳᠠ᠂ ᠬᠤᠲᠠ ᠶᠢᠨ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ ᠤᠬᠠᠭᠤᠯᠬᠤ ᠠᠵᠢᠯ ᠤᠨ ᠲᠥᠰᠦᠯ ᠢᠶᠠᠨ  ᠬᠢᠨᠠᠮᠠᠭᠠᠶ ᠰᠤᠳᠤᠯᠤᠭᠰᠠᠨ ᠤ ᠬᠠᠮᠲᠤ ᠶᠡᠬᠡᠬᠡᠨ ᠬᠦᠴᠦ ᠣᠷᠣᠭᠤᠯᠵᠤ ᠪᠠᠶᠢᠭᠠᠳ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠳᠣᠬᠠᠨ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃      ᠨᠢᠭᠡ ᠳᠤ ᠢᠳᠡᠪᠬᠢᠲᠡᠶ ᠪᠠᠷ ᠬᠢᠴᠢᠶᠡᠯ ᠪᠡᠯᠡᠳᠬᠡᠭᠰᠡᠨ ᠤ ᠬᠠᠮᠲᠤ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠪᠡ᠃ ︽ᠠᠷᠪᠠ ᠪᠠᠷ ᠪᠦᠬᠦᠨ ᠢ ᠬᠠᠮᠤᠷᠬᠤ︾᠎ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠣᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠹᠠᠨ ᠭᠤᠤ ᠶᠤᠸᠠᠨ ᠨᠠᠷᠢᠨ ᠨᠢᠮᠪᠠᠶ ᠬᠢᠴᠢᠶᠡᠯ ᠪᠡᠯᠡᠳᠬᠡᠭᠡᠳ 6 ᠳ᠋ᠤᠭᠠᠷ ᠰᠠᠷ᠎ᠠ ᠶᠢᠨ 19᠎ ᠤ ᠣᠷᠣᠶ ᠰᠠᠶᠢᠬᠤᠰᠤ ᠭᠠᠴᠠᠭ᠎ᠠ ᠳᠤ ᠨᠢᠭᠡ ᠤᠳᠠᠭ᠎ᠠ ᠲᠥᠪᠯᠡᠷᠡᠭᠦᠯᠦᠨ ᠤᠬᠠᠭᠤᠯᠬᠤ ᠲᠠᠶᠢᠯᠪᠤᠷᠢᠯᠠᠯᠲᠠ ᠬᠢᠪᠡ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢᠨ ᠲᠠᠯ᠎ᠠ ᠪᠠᠷ ᠣᠯᠠᠨ ᠲᠦᠮᠡᠨ ᠤ ︽ ᠰᠡᠳᠬᠢᠵᠦ ᠪᠠᠶᠢᠭ᠎ᠠ᠂ ᠰᠠᠨᠠᠵᠤ ᠪᠠᠶᠢᠭ᠎ᠠ᠂ ᠬᠦᠰᠡᠵᠦ ᠪᠠᠶᠢᠭ᠎ᠠ︾ ᠵᠦᠢᠯ ᠠᠴᠠ ᠡᠭᠦᠰᠴᠦ᠂ ᠭᠦᠨᠵᠡᠭᠡᠶ ᠪᠥᠭᠡᠳ ᠣᠶᠢᠯᠠᠭᠠᠮᠵᠢᠲᠠᠶ᠂ ᠰᠠᠨᠠᠭ᠎ᠠ ᠰᠡᠳᠬᠢᠯ ᠳᠤ ᠰᠠᠭᠤᠭᠳᠠᠭᠤᠯᠬᠤ ᠪᠠᠷ ᠴᠢᠷᠮᠠᠶᠢᠵᠤ᠂ ︽ᠠᠷᠪᠠ ᠪᠠᠷ ᠪᠦᠬᠦᠨ ᠢ ᠬᠠᠮᠤᠷᠬᠤ︾᠂ ︽ᠮᠠᠯᠴᠢᠳ ᠲᠤ ᠠᠰᠢᠭ ᠬᠦᠷᠲᠡᠭᠡᠵᠦ ᠴᠢᠨᠡᠭᠡᠯᠢᠭᠵᠢᠭᠦᠯᠬᠦ ᠲᠥᠷᠥ ᠶᠢᠨ ᠪᠣᠳᠣᠯᠭ᠎ᠠ︾ ᠵᠡᠷᠭᠡ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ  ᠳᠤ ᠬᠤᠯᠪᠤᠭᠳᠠᠭᠰᠠᠨ ᠠᠭᠤᠯᠭ᠎ᠠ ᠶᠢ ᠬᠢᠴᠢᠶᠡᠯ ᠤᠨ ᠲᠢᠩᠬᠢᠮ ᠳᠤ ᠠᠪᠴᠢᠷᠠᠨ᠂ ᠰᠡᠵᠢᠭ ᠢ ᠲᠠᠶᠢᠯᠵᠤ ᠲᠦᠭᠡᠷᠢᠭᠳᠡᠯ ᠠᠴᠠ ᠭᠠᠷᠭᠠᠬᠤ᠂ ᠦᠵᠡᠯ ᠰᠠᠨᠠᠭ᠎ᠠ ᠶᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃      ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠢᠳᠡᠪᠬᠢᠲᠡᠶ ᠪᠠᠷ ᠤᠬᠠᠭᠤᠯᠭ᠎ᠠ ᠬᠢᠪᠡ᠃ ᠣᠶᠢᠷ᠎ᠠ ᠶᠢᠨ ᠡᠳᠦᠷ ᠤᠳ ᠲᠤ᠂ ᠬᠤᠲᠠ ᠶᠢᠨ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠯᠢ ᠬᠤᠸᠠ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢᠳ ᠢ ᠳᠠᠭᠠᠭᠤᠯᠤᠨ  ᠡᠷᠳᠡᠨᠢᠭᠤᠪᠢ ᠭᠠᠴᠠᠭ᠎ᠠ᠂ ᠰᠠᠶᠢᠬᠤᠰᠤ ᠭᠠᠴᠠᠭ᠎ᠠ ᠳᠤ ᠬᠦᠷᠴᠦ᠂ 20 ᠭᠠᠷᠤᠶ ᠮᠠᠯᠴᠢᠨ ᠲᠠᠷᠢᠶᠠᠴᠢᠳ ᠠᠴᠠ  ᠳᠡᠳᠡᠨᠠᠷ ᠤᠨ ︽ᠠᠷᠪᠠ ᠪᠠᠷ ᠪᠦᠬᠦᠨ ᠢ ᠬᠠᠮᠤᠷᠬᠤ︾᠎ ᠶᠢᠨ ᠲᠣᠬᠠᠢ ᠣᠶᠢᠯᠠᠭᠠᠵᠤ ᠮᠡᠳᠡᠭᠰᠡᠨ ᠬᠡᠮᠵᠢᠶ᠎ᠡ᠂ ᠬᠠᠨᠤᠮᠵᠢ ᠎ ᠲᠠᠢ ᠪᠠᠶᠢᠬᠤ ᠬᠡᠮᠵᠢᠶ᠎ᠡ ᠵᠢᠴᠢ ᠬᠦᠰᠡᠵᠦ ᠡᠷᠡᠮᠡᠯᠵᠡᠵᠦ ᠪᠠᠶᠢᠭ᠎ᠠ ᠵᠦᠢᠯ ᠢ ᠣᠶᠢᠯᠠᠭᠠᠪᠠ᠃ ᠰᠤᠷᠪᠤᠯᠵᠢᠯᠠᠬᠤ ᠶᠠᠪᠤᠴᠠ ᠳᠤ ᠣᠯᠵᠤ ᠮᠡᠳᠡᠭᠰᠡᠨ ᠨᠢ᠂ ᠥᠷᠭᠡᠨ ᠣᠯᠠᠨ ᠮᠠᠯᠴᠢᠨ ᠲᠠᠷᠢᠶᠠᠴᠢᠳ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠦᠨᠳᠦᠰᠦᠨ ᠠᠭᠤᠯᠭ᠎ᠠ ᠶᠢᠨ ᠲᠠᠯ᠎ᠠ ᠪᠠᠷ ᠣᠶᠢᠯᠠᠭᠠᠯᠲᠠ ᠲᠠᠢ ᠪᠠᠶᠢᠵᠤ᠂  ᠥᠪᠡᠷ ᠥᠪᠡᠷᠰᠡᠳ ᠤᠨ ᠭᠡᠷ ᠪᠦᠯᠢ ᠳᠤ  ᠬᠤᠯᠪᠤᠭᠳᠠᠬᠤ ᠲᠦᠷᠥᠯ ᠵᠦᠢᠯ ᠢᠶᠠᠨ ᠨᠡᠩ ᠲᠣᠳᠣᠷᠬᠠᠶ ᠮᠡᠳᠡᠵᠦ ᠪᠠᠶᠢᠨ᠎ᠠ᠃  ︽ᠠᠷᠪᠠ ᠪᠠᠷ ᠪᠦᠬᠦᠨ ᠢ ᠬᠠᠮᠤᠷᠬᠤ︾ ᠪᠣᠯ ᠨᠢᠭᠡᠨ ᠦᠨᠡᠨ ᠪᠣᠳᠠᠲᠠᠶ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠠᠶᠢᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠢ ᠠᠳᠠᠯᠢ ᠪᠤᠰᠤ ᠬᠡᠮᠵᠢᠶᠡᠨ ᠤ ᠬᠤᠪᠢᠷᠠᠯᠲᠠ ᠲᠠᠢ ᠪᠣᠯᠭᠠᠨ᠂ ᠢᠯᠠᠩᠭᠤᠶ᠎ᠠ ᠰᠠᠶᠢᠬᠤᠰᠤ ᠭᠠᠴᠠᠭ᠎ᠠ ᠶᠢᠨ ᠲᠠᠷᠢᠶᠠᠴᠢᠳ ᠤᠨ ᠦᠵᠡᠬᠦ ᠪᠠᠷ᠂ ᠡᠨᠡ ᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠣᠯᠠᠨ ᠵᠢᠯ ᠤᠨ ᠲᠤᠷᠰᠢ ᠬᠤᠴᠣᠷᠤᠩᠭᠤᠶ᠂ ᠬᠠᠭᠤᠴᠢᠨ ᠳᠦᠷᠰᠦ ᠪᠠᠶᠢᠳᠠᠯ ᠲᠠᠢ ᠲᠠᠷᠢᠶᠠᠯᠠᠬᠤ ᠣᠷᠣᠨ ᠢ ᠪᠦᠷᠢᠮᠦᠰᠦᠨ ᠬᠤᠪᠢᠷᠠᠭᠤᠯᠵᠤ᠂ ᠲᠡᠳᠡᠭᠡᠷ ᠢ ᠣᠷᠣᠯᠠᠭᠰᠠᠨ ᠨᠢ ᠠᠭᠤᠳᠠᠮ ᠰᠠᠷᠠᠭᠤᠯ ᠵᠠᠮ᠂ ᠴᠡᠪᠡᠷ ᠴᠡᠮᠴᠡᠭᠡᠷ ᠲᠣᠰᠬᠤᠨ᠂ ᠰᠢᠨ᠎ᠡ ᠬᠡᠯᠪᠡᠷᠢ ᠶᠢᠨ ᠣᠷᠣᠨ ᠰᠠᠭᠤᠴᠠ᠂ ᠳᠥᠭᠦᠮ ᠳᠥᠲᠡ ᠠᠮᠢᠳᠤᠷᠠᠯ ᠤᠨ ᠨᠥᠬᠦᠴᠡᠯ ᠪᠣᠯᠣᠨ᠎ᠠ ᠭᠡᠵᠦ  ᠲᠡᠳᠡ ᠦᠵᠡᠵᠡᠭᠡᠵᠦ ᠪᠠᠶᠢᠨ᠎ᠠ᠃      ᠭᠤᠷᠪᠠ ᠳᠤ ᠠᠷᠭ᠎ᠠ ᠵᠠᠮ ᠢᠶᠠᠨ ᠦᠷᠭᠡᠵᠢᠭᠦᠯᠵᠦ᠂ ᠤᠬᠠᠭᠤᠯᠭ᠎ᠠ ᠶᠢᠨ ᠬᠡᠪᠴᠢᠶ᠎ᠡ ᠪᠠᠨ ᠥᠷᠭᠡᠳᠬᠡᠨ᠂ ᠤᠬᠠᠭᠤᠯᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠤᠳᠠᠲᠠᠢ ᠠᠭᠤᠯᠭ᠎ᠠ ᠪᠠ ᠪᠣᠳᠠᠲᠤ ᠠᠴᠢ ᠬᠤᠯᠪᠣᠭᠳᠠᠯ ᠢ ᠬᠥᠮᠦᠨ ᠪᠦᠬᠦᠨ  ᠳᠤ ᠮᠡᠳᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠢᠨ ᠪᠠᠰᠠ ᠠᠷᠠᠳ ᠤᠨ ᠤᠷᠠᠯᠢᠭ ᠤᠨ ᠵᠣᠬᠢᠶᠠᠨ ᠪᠦᠲᠦᠭᠡᠭᠴᠢ ᠶᠢ ᠤᠷᠢᠵᠤ ᠮᠠᠯᠵᠢᠬᠤ ᠣᠷᠣᠨ ᠢᠶᠠᠷ  ᠭᠦᠨᠵᠡᠭᠡᠶᠢᠷᠡᠭᠦᠯᠦᠨ᠂ ᠮᠠᠯᠴᠢᠳ ᠲᠠᠢ ᠵᠣᠭᠤᠭᠳᠠᠵᠤ ᠪᠠᠶᠢᠬᠤ ᠶᠢᠨ ᠳᠤᠮᠳᠠ ᠵᠣᠬᠢᠶᠠᠨ ᠪᠦᠲᠦᠭᠡᠬᠦ ᠠᠪᠢᠶᠠᠰ ᠪᠢᠯᠢᠭ ᠢ ᠨᠢ ᠬᠦᠳᠡᠯᠭᠡᠨ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠶᠢᠨ ᠳᠤᠮᠳᠠ ᠵᠣᠬᠢᠶᠠᠨ ᠪᠦᠲᠦᠭᠡᠬᠦ ᠰᠡᠳᠬᠢᠮᠵᠢ ᠶᠢ ᠨᠢ ᠥᠷᠭᠡᠵᠢᠭᠦᠯᠦᠨ᠂ ᠨᠠᠶᠢᠷᠠᠭᠤᠯᠤᠨ  ᠪᠦᠲᠦᠭᠡᠭᠰᠡᠨ ᠤᠷᠠᠯᠢᠭ ᠤᠨ ᠪᠦᠲᠦᠭᠡᠯ ᠢ ᠨᠢ ᠠᠮᠢᠳᠤᠷᠠᠯ ᠳᠤ ᠣᠶᠢᠷᠠᠲᠤᠭᠤᠯᠵᠤ᠂ ᠴᠢᠬᠢᠨ ᠳᠤ ᠬᠠᠳᠠᠩᠰᠢᠭᠤᠯᠤᠨ ᠴᠡᠭᠡᠵᠢᠨ ᠳᠤ ᠰᠠᠭᠤᠭᠳᠠᠭᠤᠯᠬᠤ ᠪᠠᠷ ᠴᠢᠷᠮᠠᠶᠢᠪᠠ᠃      ᠮᠠᠯᠴᠢᠳ ᠤᠨ ᠳᠤᠷᠠᠳᠤᠭᠰᠠᠨ ᠮᠣᠩᠭᠤᠯ ᠬᠡᠯᠡᠨ ᠤ ᠲᠧᠯᠸᠢᠰ ᠫᠷᠦᠭᠷᠡᠮ ᠤᠨ ᠨᠡᠪᠲᠡᠷᠡᠭᠦᠯᠬᠦ ᠴᠠᠭ ᠢ ︽ᠥᠷᠯᠥᠭᠡ︾᠎ ᠶᠢᠨ ᠡᠨᠡ ᠬᠦ ᠮᠠᠯᠵᠢᠬᠤ ᠣᠷᠣᠨ ᠤ ᠰᠢᠵᠢᠷ ᠠᠯᠲᠠᠨ ᠴᠠᠭ ᠲᠤ ᠪᠠᠶᠢᠯᠭᠠᠬᠤ ᠶᠢ ᠪᠤᠳᠤᠯᠬᠢᠯᠠᠬᠤ ᠬᠡᠷᠡᠭᠲᠡᠢ ᠭᠡᠰᠡᠨ ᠳᠤ ᠴᠢᠭᠯᠡᠭᠦᠯᠦᠨ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶ᠎ᠠ ᠯᠤᠭ᠎ᠠ ᠵᠣᠬᠢᠴᠠᠭᠤᠯᠵᠤ᠂ ᠫᠷᠦᠭᠷᠡᠮ ᠢ ᠥᠷᠯᠥᠭᠡ ᠶᠢᠨ ᠲᠣᠬᠢᠷᠠᠮᠵᠢᠲᠠᠶ ᠴᠠᠭ ᠲᠤ ᠡᠷᠲᠡᠬᠡᠨ ᠲᠣᠬᠢᠷᠠᠭᠤᠯᠵᠤ ᠳᠠᠬᠢᠨ ᠨᠡᠪᠲᠡᠷᠡᠭᠦᠯᠬᠦ ᠪᠠᠷ ᠪᠠᠶᠢᠬᠤ ᠮᠥᠷᠲᠡᠭᠡᠨ ᠪᠠᠰᠠ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶ᠎ᠠ ᠶᠢᠨ ᠵᠣᠬᠢᠶᠠᠭᠰᠠᠨ ︽ᠠᠷᠪᠠ ᠪᠠᠷ ᠪᠦᠬᠦᠨ ᠢ ᠬᠠᠮᠤᠷᠬᠤ︾ ᠵᠢᠴᠢ  ᠮᠠᠯᠵᠢᠬᠤ ᠲᠠᠷᠢᠶᠠᠯᠠᠬᠤ ᠣᠷᠣᠨ ᠤ ᠬᠠᠮᠢᠶ᠎ᠠ ᠪᠦᠬᠦᠢ ᠠᠭᠤᠯᠭ᠎ᠠ ᠲᠠᠢ ᠫᠷᠦᠭᠷᠡᠮ ᠢ ᠲᠤᠬᠢᠷᠠᠮᠵᠢᠲᠠᠢ ᠴᠠᠭ ᠲᠤ ᠳᠠᠬᠢᠨ ᠨᠡᠪᠲᠡᠷᠡᠭᠦᠯᠬᠦ ᠶᠢᠨ ᠬᠠᠮᠲᠤ ᠠᠷᠭ᠎ᠠ ᠪᠦᠬᠦᠨ ᠢ ᠰᠥᠪᠡᠭᠴᠢᠯᠡᠵᠦ ᠪᠠᠶᠢᠭᠠᠳ ᠸᠢᠴᠡᠲ ᠢᠶᠠᠷ ᠳᠠᠮᠵᠢᠭᠠᠳ ᠥᠷᠭᠡᠨ ᠣᠯᠠᠨ  ᠮᠠᠯᠴᠢᠨ ᠲᠠᠷᠢᠶᠠᠴᠢᠳ ᠲᠤ ᠬᠠᠨᠳᠤᠭᠤᠯᠤᠨ ᠤᠯᠠᠮᠵᠢᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号