2015 ᠣᠨ ᠤ ᠪᠦᠬᠦ ᠣᠷᠣᠨ ᠤ ᠵᠠᠰᠠᠭ ᠤᠨ ᠣᠷᠳᠤᠨ ᠤ ᠰᠢᠰᠲ᠋ᠧᠮ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/6/29
            ᠥᠪᠥᠷ ᠵᠠᠰᠠᠭ ᠠᠯᠪᠠᠨ ᠲᠠᠷᠬᠠᠭᠠᠭᠰᠠᠨ ﹇2015﹈ 15 ᠳ᠋ᠤᠭᠠᠷ ᠲᠤᠭᠠᠳᠤ                       2015 ᠣᠨ ᠤ 2 ᠳ᠋ᠤᠭᠠᠷ ᠰᠠᠷ᠎ᠠ ᠶᠢᠨ 25᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽2015 ᠣᠨ ᠤ ᠪᠦᠬᠦ ᠣᠷᠣᠨ ᠤ ᠵᠠᠰᠠᠭ ᠤᠨ ᠣᠷᠳᠤᠨ ᠤ ᠰᠢᠰᠲ᠋ᠧᠮ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ︾᠎ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃          2015 ᠣᠨ ᠤ ᠪᠦᠬᠦ ᠣᠷᠣᠨ ᠤ ᠵᠠᠰᠠᠭ ᠤᠨ ᠣᠷᠳᠤᠨ ᠤ ᠰᠢᠰᠲ᠋ᠧᠮ ᠤᠨ                    ᠰᠢᠮᠳᠠᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ      2015 ᠣᠨ ᠪᠣᠯ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠬᠢᠯᠠᠭ᠎ᠠ ᠶᠢᠨ ᠵᠢᠯ ᠪᠣᠯᠬᠤ ᠪᠦᠭᠡᠳ ᠬᠠᠤᠯᠢ ᠶᠤᠰᠤᠭᠠᠷ ᠣᠷᠣᠨ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠡᠬᠢᠯᠡᠯᠲᠡ ᠶᠢᠨ ᠣᠨ ᠪᠣᠯᠣᠨ᠎ᠠ᠂ ᠮᠦᠨ ᠴᠦ ︽12 · 5︾᠎ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠳᠠᠭᠤᠰᠬᠤ ᠨᠢᠭᠡ ᠵᠢᠯ ᠪᠣᠯᠣᠨ᠎ᠠ᠃ ᠪᠦᠬᠦ ᠣᠷᠣᠨ ᠤ ᠵᠠᠰᠠᠭ ᠤᠨ ᠣᠷᠳᠤᠨ ᠤ ᠰᠢᠰᠲ᠋ᠧᠮ ᠤᠨ ᠰᠢᠮᠳᠠᠭᠤᠯᠤᠨ ᠪᠠᠶᠢᠴᠠᠭᠠᠬᠤ ᠠᠵᠢᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ᠂ ᠠᠷᠪᠠᠨ ᠬᠤᠶᠠᠳᠤᠭᠠᠷ ᠤᠳᠠᠭ᠎ᠠ᠂ ᠠᠷᠪᠠᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠪᠡᠷᠲᠡᠭᠡᠨ ᠵᠠᠰᠠᠬᠤ ᠣᠷᠣᠨ ᠤ ᠭᠤᠣᠯ ᠠᠵᠢᠯ ᠤᠨ ᠲᠣᠭᠤᠷᠢᠨ ᠳᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠲᠣᠬᠢᠷᠠᠯᠴᠠᠨ᠂ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠰᠢᠮᠳᠠᠭᠤᠯᠤᠨ ᠪᠠᠶᠢᠴᠠᠭᠠᠬᠤ ᠶᠢᠨ ᠭᠤᠣᠯᠳᠠᠯᠭ᠎ᠠ ᠶᠢ ᠳᠤᠪᠤᠶᠢᠯᠭᠠᠵᠤ᠂ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠰᠢᠮᠳᠠᠭᠤᠯᠤᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠪᠠᠨ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠥᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠢ᠃      ᠨᠢᠭᠡ᠂ ᠭᠤᠣᠯ ᠠᠵᠢᠯ ᠤᠨ ᠲᠤᠭᠤᠷᠢᠨ ᠳᠤ ᠴᠢᠬᠤᠯᠠ ᠶᠡᠭᠡ ᠰᠢᠢᠳᠪᠦᠷᠢᠲᠦ ᠪᠤᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠨ ᠲᠦᠯᠬᠢᠨ ᠠᠬᠢᠭᠤᠯᠬᠤ ᠬᠡᠷᠡᠭᠲᠡᠢ      ︵ᠨᠢᠭᠡ︶ ᠨᠡᠮᠡᠭᠳᠡᠯ ᠢ ᠲᠣᠭᠲᠠᠭᠤᠨ ᠪᠠᠶᠢᠯᠭᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠡᠯᠡ ᠣᠷᠤᠭᠤᠯᠤᠯᠲᠠ ᠪᠠ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠥᠷᠭᠡᠳᠭᠡᠬᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠠ ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠭᠤᠨ ᠪᠠᠶᠢᠯᠭᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠤᠭᠤᠷᠢᠨ ᠳᠤ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠢᠶᠠᠷ ᠨᠡᠮᠡᠭᠳᠡᠭᠦᠯᠬᠦ᠂ ᠡᠩ ᠤᠨ ᠣᠯᠠᠨ ᠨᠡᠶᠢᠲᠡ ᠶᠢᠨ ᠲᠦᠰᠦᠪ ᠤᠨ ᠣᠷᠣᠯᠭ᠎ᠠ ᠶᠢ 6% ᠣᠷᠴᠢᠮ ᠢᠶᠠᠷ ᠨᠡᠮᠡᠭᠳᠡᠭᠦᠯᠬᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10%᠎ ᠪᠠᠷ ᠨᠡᠮᠡᠭᠳᠡᠭᠦᠯᠬᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 13%᠎ ᠪᠠᠷ ᠨᠡᠮᠡᠭᠳᠡᠭᠦᠯᠬᠦ ᠵᠡᠷᠭᠡ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠴᠢᠷᠮᠠᠶᠢᠨ ᠪᠠᠷᠢᠮᠲᠠᠯᠠᠬᠤ ᠬᠡᠷᠡᠭᠲᠡᠢ᠃      1. ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠢ᠃ ︽ᠵᠠᠰᠠᠭ ᠤᠨ ᠣᠷᠳᠤᠨ ᠤ ᠠᠵᠢᠯ ᠤᠨ ᠢᠯᠡᠳᠭᠡᠯ︾᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠬᠤ ᠳᠠᠶᠢᠴᠢᠯᠠᠯᠲᠠ ᠶᠢᠨ ᠬᠤᠷᠠᠯ᠂ ᠦᠪᠡᠷᠲᠡᠭᠡᠨ ᠵᠠᠰᠬᠠᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠦᠪᠡᠳᠡᠭᠰᠢ ᠶᠡᠭᠡ ᠪᠠᠶᠠᠷ ᠲᠤ ᠪᠡᠯᠡᠭᠯᠡᠬᠦ ᠪᠠᠷ ᠲᠣᠭᠲᠠᠭᠠᠭᠰᠠᠨ ᠵᠠᠰᠠᠮᠠᠯ ᠵᠠᠮ᠂ ᠲᠡᠮᠦᠷ ᠵᠠᠮ᠂ ᠨᠢᠰᠬᠡᠯ ᠤᠨ ᠪᠠᠭᠤᠳᠠᠯ᠂ ᠤᠰᠤᠨ ᠠᠰᠢᠭᠯᠠᠯᠲᠠ ᠶᠢᠨ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠢ ᠪᠦᠲᠦᠭᠡᠨ ᠪᠠᠶᠢᠭᠤᠯᠤᠭᠰᠠᠨ ᠪᠠᠶᠢᠳᠠᠯ᠂ ᠣᠨᠴᠠᠭᠠᠢ ᠦᠨᠳᠦᠷ ᠳᠠᠷᠤᠯᠲᠠᠲᠤ ᠴᠠᠬᠢᠯᠭᠠᠨ ᠲᠣᠣᠷ ᠵᠢᠴᠢ ᠳᠦᠬᠦᠷ ᠴᠠᠬᠢᠯᠭᠠᠨ ᠡᠭᠦᠰᠭᠡᠭᠴᠢ ᠶᠢᠨ ᠴᠢᠬ ᠪᠠ ᠨᠡᠭᠦᠷᠡᠰᠦᠨ ᠤ ᠲᠦᠷᠦᠯ ᠵᠦᠢᠯ ᠢ ᠪᠦᠲᠦᠭᠡᠨ ᠪᠠᠶᠢᠭᠤᠯᠤᠭᠰᠠᠨ ᠪᠠᠶᠢᠳᠠᠯ᠂ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ ᠪᠣᠯᠬᠤ ᠪᠠᠷ ᠤᠯᠤᠰ ᠠᠴᠠ ᠨᠢᠭᠡᠨᠲᠡ ᠴᠤᠬᠤᠯᠠᠪᠣᠷᠢᠯᠠᠭᠰᠠᠨ ᠪᠣᠶᠣ ᠵᠥᠪᠰᠢᠶᠡᠷᠡᠭᠰᠡᠨ ᠡᠨᠧᠷᠬᠢ᠂ ᠤᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠦᠷᠦᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠲᠡᠢ᠃ ᠬᠤᠶᠠᠷ ᠲᠤ ᠪᠡᠯᠡ ᠣᠷᠤᠭᠤᠯᠵᠤ ᠪᠡᠯᠡ ᠲᠣᠬᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠢ᠃ ᠤᠯᠤᠰ ᠤᠨ ᠳᠡᠮᠵᠢᠯᠭᠡ ᠶᠢ ᠴᠢᠷᠮᠠᠶᠢᠨ ᠣᠯᠣᠭᠰᠠᠨ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠠᠶᠢᠯᠴᠢᠯᠠᠬᠰᠠᠨ ᠰᠤᠷᠪᠤᠯᠵᠢᠯᠠᠯ ᠤᠨ ᠮᠡᠳᠡᠭᠦᠯᠦᠯᠲᠡ ᠳᠠᠬᠢ ︽ᠠᠷᠪᠠᠨ ᠭᠤᠷᠪᠠᠨ ᠵᠦᠢᠯ ᠤᠨ ᠠᠵᠢᠯ︾᠎ ᠤᠨ ᠵᠣᠯᠭᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ᠂ ᠲᠥᠪ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠬᠦ ᠪᠡᠯᠡ ᠮᠦᠩᠭᠦ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠭᠦᠯᠬᠦ ᠰᠠᠭᠤᠷᠢ ᠮᠦᠩᠭᠦ ᠶᠢ ᠪᠠᠶᠢᠷᠢᠯᠠᠭᠤᠯᠤᠭᠰᠠᠨ ᠪᠠᠶᠢᠳᠠᠯ᠂ ᠵᠠᠰᠠᠭ ᠤᠨ ᠣᠷᠳᠤᠨ ᠪᠣᠯᠣᠨ ᠨᠡᠶᠢᠭᠡᠮ ᠤᠨ ᠬᠦᠷᠦᠩᠭᠡ ᠶᠢᠨ ᠬᠤᠷᠰᠢᠯᠴᠠᠬᠤ᠂ ᠣᠨᠴᠠ ᠵᠥᠪᠰᠢᠶᠡᠷᠡᠭᠰᠡᠨ ᠡᠵᠡᠩᠨᠡᠯᠲᠡ᠂ ᠪᠡᠯᠡ ᠣᠷᠣᠭᠤᠯᠤᠯᠲᠠ ᠶᠢᠨ ᠨᠦᠬᠦᠪᠦᠷᠢ᠂ ᠵᠠᠰᠠᠭ ᠤᠨ ᠣᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠪᠡᠯᠡ ᠲᠣᠬᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠠᠵᠢᠯ ᠥᠷᠨᠢᠭᠦᠯᠦᠭᠰᠡᠨ ᠪᠠᠶᠢᠳᠠᠯ᠂ ᠣᠯᠠᠨ ᠱᠠᠳᠤ ᠲᠡᠰ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠢ ᠪᠤᠶᠢᠵᠢᠭᠤᠯᠬᠤ᠂ ᠮᠦᠩᠭᠦᠨ ᠭᠦᠢᠯᠭᠡᠭᠡ ᠪᠠᠷ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠡᠯᠡ ᠲᠣᠬᠢᠷᠠᠭᠤᠯᠬᠤ ᠲᠦᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      2. ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠥᠷᠭᠡᠳᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠰᠢᠮᠳᠠᠭᠤᠯᠤᠨ ᠪᠠᠶᠢᠴᠠᠭᠠᠬᠤ ᠪᠠᠨ ᠰᠠᠶᠢᠲᠤᠷ ᠠᠳᠬᠤᠬᠤ ᠬᠡᠷᠡᠭᠲᠡᠢ᠃ ᠰᠠᠭᠤᠭᠠᠯᠢ ᠠᠷᠠᠳ ᠤᠨ ᠬᠡᠷᠡᠭᠯᠡᠭᠡ ᠶᠢ ᠵᠣᠷᠢᠬᠵᠢᠭᠤᠯᠬᠤ ᠡᠳ᠋ ᠤᠨ ᠵᠠᠰᠠᠭ ᠭᠠᠶᠢᠯᠢ᠂ ᠢᠲᠡᠭᠡᠮᠵᠢᠲᠦ ᠵᠢᠭᠡᠯᠡᠯᠭᠡ ᠪᠣᠯᠣᠨ ᠢᠲᠡᠭᠡᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠤᠳᠠᠯᠳᠤᠭᠠᠨ ᠤ ᠶᠠᠪᠤᠳᠠᠯ᠂ ᠣᠷᠣᠨ ᠰᠠᠭᠤᠴᠠ᠂ ᠰᠤᠷᠭᠠᠨ ᠬᠦᠮᠦᠵᠢᠯ ᠰᠤᠶᠤᠯ ᠲᠠᠮᠢᠷ᠂ ᠵᠢᠭᠤᠯᠴᠢᠯᠠᠯ ᠰᠡᠯᠡᠭᠦᠴᠡᠯ᠂ ᠮᠡᠳᠡᠭᠡ ᠵᠠᠩᠭᠢ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠡᠷᠡᠭᠦᠯ ᠮᠡᠨᠳᠦ ᠭᠡᠷ ᠠᠬᠤᠢ ᠵᠡᠷᠭᠡ ᠬᠡᠷᠡᠭᠯᠡᠭᠡ ᠶᠢᠨ ᠰᠢᠨ᠎ᠡ ᠨᠡᠮᠡᠭᠳᠡᠯ ᠴᠢᠬ ᠢ ᠪᠤᠶᠢᠵᠢᠭᠤᠯᠤᠭᠰᠠᠨ ᠪᠠᠶᠢᠳᠠᠯ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠵᠢᠷᠤᠮᠵᠢᠭᠤᠯᠬᠤ᠂ ᠳᠦᠭᠦᠮ ᠳᠦᠳᠡ ᠠᠮᠦᠷ ᠲᠥᠪᠰᠢᠨ ᠰᠠᠨᠠᠭ᠎ᠠ ᠠᠮᠦᠷ ᠬᠡᠷᠡᠭᠯᠡᠭᠡ ᠶᠢᠨ ᠣᠷᠴᠢᠨ ᠠᠬᠤᠢ ᠶᠢ ᠪᠣᠢ ᠪᠣᠯᠭᠠᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠳᠠ ᠶᠢ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      3. ᠠᠵᠤ ᠦᠢᠯᠡᠳᠪᠦᠷᠢ ᠶᠢ ᠲᠣᠭᠲᠠᠭᠤᠨ ᠪᠠᠶᠢᠯᠭᠠᠬᠤ᠂ ᠠᠵᠤ ᠠᠬᠤᠶᠢᠯᠠᠯ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠰᠢᠮᠳᠠᠭᠤᠯᠤᠨ ᠪᠠᠶᠢᠴᠠᠭᠠᠬᠤ ᠪᠠᠨ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠯᠡᠬᠦ᠂ ᠠᠵᠤ ᠠᠬᠤᠶᠢᠯᠠᠯ ᠳᠤ ᠬᠤᠯᠪᠤᠭᠳᠠᠭᠰᠠᠨ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢᠨ ᠪᠠᠶᠢᠳᠠᠯ ᠢ ᠨᠡᠶᠢᠲᠡᠯᠡᠬᠦ᠂ ᠴᠠᠬᠢᠯᠭᠠᠨ ᠬᠦᠴᠦᠨ ᠤ ᠶᠡᠷᠦᠩᠬᠡᠶᠢᠯᠡᠨ ᠲᠡᠳᠭᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠡᠭᠦᠷᠡᠰᠦᠨ ᠤ ᠦᠢᠯᠡᠳᠪᠦᠷᠢᠯᠡᠯ ᠢ ᠡᠵᠡᠮᠳᠡᠵᠦ ᠦᠨ᠎ᠡ ᠬᠠᠨᠭ᠍ᠰᠢ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠪᠣᠯᠣᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠳᠭᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠠᠢ ᠪᠠᠶᠢᠬᠤ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠵᠢᠴᠢ ᠠᠵᠤ ᠠᠬᠤᠶᠢᠯᠠᠯ ᠢ ᠬᠠᠪᠰᠤᠷᠤᠨ ᠦᠢᠯᠡᠳᠭᠦᠨ ᠪᠤᠷᠤᠯᠠᠭᠤᠯᠬᠤ ᠵᠠᠮ ᠮᠥᠷ ᠢ ᠨᠢ ᠥᠷᠭᠡᠳᠭᠡᠬᠦ ᠵᠠᠷᠭᠡ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠢ᠃      ︵ᠬᠤᠶᠠᠷ︶ ᠪᠦᠲᠦᠴᠡ ᠪᠠᠨ ᠲᠣᠬᠢᠷᠠᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠬᠤ ᠬᠡᠷᠡᠭᠲᠡᠢ᠃ ︽ᠲᠠᠪᠤᠨ ᠶᠡᠭᠡ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠦᠢᠯᠡᠳᠪᠦᠷᠢ ᠠᠭᠤᠷᠬᠠᠢ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠢ ᠳᠡᠭᠡᠭᠰᠢᠯᠡᠭᠦᠯᠬᠦ ᠶᠢ ᠠᠬᠢᠭᠤᠯᠤᠨ᠂ ᠭᠤᠷᠪᠠᠳᠠᠬᠢ ᠠᠵᠤ ᠦᠢᠯᠡᠰ ᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠲᠠᠷᠢᠶᠠᠴᠢᠨ ᠮᠠᠯᠴᠢᠳ ᠲᠤ ᠠᠰᠢᠭ ᠬᠥᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠲᠤᠨ ᠭᠤᠣᠯ ᠪᠠ ᠵᠠᠮ ᠲᠠᠭᠠᠤ ᠬᠢᠬᠡᠳ ᠵᠡᠭᠦᠨ ᠬᠡᠰᠡᠭ ᠤᠨ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠣᠷᠣᠨ ᠤ ᠬᠤᠲᠠ ᠪᠠᠯᠭᠠᠰᠤᠵᠢᠯᠠᠯᠲᠠ ᠶᠢᠨ ᠠᠵᠢᠯ ᠤᠨ ᠬᠤᠷᠠᠯ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠬᠤ ᠬᠥᠭᠵᠢᠯᠲᠡ ᠶᠢ ᠲᠦᠯᠬᠢᠨ ᠠᠬᠢᠭᠤᠯᠬᠤ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠪᠡᠷᠲᠡᠭᠡᠨ ᠵᠠᠰᠠᠬᠤ ᠣᠷᠣᠨ ᠤ ᠨᠡᠷᠡᠲᠦ ᠲᠦᠷᠦᠯ ᠲᠡᠮᠳᠡᠭᠳᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ᠂ ᠦᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠠᠵᠢᠯ ᠤᠨ ᠡᠭᠦᠷᠭᠡ ᠶᠢ ᠲᠦᠯᠬᠢᠨ ᠠᠬᠢᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠭᠠᠷ ᠮᠠᠨᠳᠠᠯ᠂ ᠭᠤᠣᠯᠳᠠᠯᠭ᠎ᠠ ᠲᠠᠢ ᠰᠠᠪᠠ ᠭᠠᠵᠠᠷ᠂ ᠬᠦᠨᠳᠦ ᠲᠡᠮᠦᠷᠯᠢᠭ ᠤᠨ ᠪᠣᠬᠢᠷᠳᠤᠯ ᠢ ᠰᠡᠷᠭᠡᠶᠢᠯᠡᠨ ᠵᠠᠰᠠᠭᠰᠠᠨ ᠠᠵᠢᠯ ᠤᠨ ᠪᠠᠶᠢᠳᠠᠯ᠂ ᠣᠷᠴᠢᠨ ᠲᠤᠭᠤᠷᠢᠨ ᠢ ᠬᠠᠮᠠᠭᠠᠯᠠᠬᠤ ᠲᠣᠭᠲᠠᠭᠠᠯ ᠠᠴᠠ ᠵᠦᠷᠢᠴᠡᠵᠦ ᠪᠦᠲᠦᠭᠡᠨ ᠪᠠᠶᠢᠭᠤᠯᠤᠭᠰᠠᠨ ᠣᠷᠴᠢᠨ ᠲᠤᠭᠤᠷᠢᠨ ᠢ ᠢᠯᠭᠠᠷᠠᠭᠤᠯᠤᠨ ᠴᠡᠭᠴᠡᠯᠡᠭᠰᠡᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠶᠢ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      ︵ᠭᠤᠷᠪᠠ︶ ᠦᠭᠡᠷᠡᠴᠢᠯᠡᠯᠲᠡ ᠶᠢ ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠬᠤ ᠬᠡᠷᠡᠭᠲᠡᠢ᠃ ᠲᠥᠪ ᠬᠤᠷᠢᠶ᠎ᠠ ᠶᠢᠨ ᠴᠢᠬᠤᠯᠠ ᠶᠡᠭᠡ ᠦᠭᠡᠷᠡᠴᠢᠯᠡᠯᠲᠡ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠬᠤ ᠪᠠ ᠦᠪᠡᠷᠲᠡᠭᠡᠨ ᠵᠠᠰᠠᠬᠤ ᠣᠷᠣᠨ ᠤ ︽ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠪᠠᠷᠢᠯ ᠢ ᠬᠡᠷᠡᠭᠵᠢᠭᠦᠯᠬᠦ ᠲᠦᠯᠦᠪᠵᠢᠭᠦᠯᠭᠡ ︵2014 — 2020 ᠤᠨ︶︾᠎ ᠳᠤ ᠲᠣᠭᠲᠠᠭᠠᠭᠰᠠᠨ ᠣᠨ ᠤ ᠭᠤᠣᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ ᠰᠢᠮᠳᠠᠭᠤᠯᠤᠨ ᠪᠠᠶᠢᠴᠠᠭᠠᠬᠤ ᠶᠢ ᠦᠷᠨᠢᠭᠦᠯᠵᠦ᠂ ᠡᠯ᠎ᠡ ᠵᠦᠢᠯ ᠤᠨ ᠦᠭᠡᠷᠡᠴᠢᠯᠡᠯᠲᠡ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠦᠲᠦᠴᠢ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠤᠭᠰᠠᠨ ᠲᠣᠭᠲᠠᠴᠠ ᠶᠢ ᠲᠡᠭᠦᠯᠳᠡᠷᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ᠂ ᠣᠷᠣᠰ ᠮᠤᠩᠭᠤᠯ ᠯᠤᠭ᠎ᠠ ᠬᠠᠮᠳᠤᠷᠠᠨ ᠠᠵᠢᠯᠯᠠᠬᠤ ᠲᠣᠭᠲᠠᠴᠠ ᠳᠤ ᠰᠢᠨ᠎ᠡ ᠶᠢ ᠡᠭᠦᠳᠬᠦ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢ ᠲᠦᠯᠬᠢᠨ ᠠᠬᠢᠭᠤᠯᠤᠭᠰᠠᠨ ᠪᠠᠶᠢᠳᠠᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠵᠢᠴᠢ ᠡᠷᠬᠡ ᠶᠢᠨ ᠨᠠᠷᠢᠨ ᠬᠠᠭᠤᠳᠠᠰᠤ ᠶᠢ ᠪᠠᠶᠢᠭᠤᠯᠬᠤ᠂ ᠬᠦᠳᠡᠭᠡ ᠲᠤᠰᠬᠤᠨ ᠤ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠲᠤᠳᠤᠯᠠᠵᠤ ᠳᠠᠩᠰᠠᠯᠠᠨ ᠦᠨᠡᠮᠯᠡᠯ ᠤᠯᠭᠤᠬᠤ᠂ ᠦᠢᠯᠡᠳᠪᠦᠷᠢ ᠬᠤᠳᠠᠯᠳᠤᠭᠠᠨ ᠤ ᠪᠦᠷᠢᠳᠭᠡᠨ ᠳᠠᠩᠰᠠᠯᠠᠬᠤ ᠳᠦᠷᠢᠮ ᠤᠨ ᠦᠭᠡᠷᠡᠴᠢᠯᠡᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ᠂ ᠭᠠᠳᠠᠭᠠᠲᠤ ᠠᠵᠦ ᠠᠬᠤᠢ ᠶᠢᠨ ᠠᠷᠠᠯᠵᠢᠶ᠎ᠠ ᠪᠠ ᠪᠤᠭᠤᠮᠲᠠ ᠶᠢᠨ ᠬᠥᠭᠵᠢᠯᠲᠡ ᠵᠡᠷᠭᠡ ᠨᠢᠭᠡᠨᠲᠡ ᠨᠡᠶᠢᠲᠡᠯᠡᠭᠰᠡᠨ ᠲᠦᠰᠦᠯ ᠤᠨ ᠦᠭᠡᠷᠡᠴᠢᠯᠡᠯᠲᠡ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠷᠦᠬᠡ ᠠᠮᠠ ᠶᠢᠨ ᠳᠦᠷᠢᠮ ᠤᠨ ᠦᠭᠡᠷᠡᠴᠢᠯᠡᠯᠲᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠤᠨ ᠳᠦᠷᠢᠮ ᠤᠨ ᠦᠭᠡᠷᠡᠴᠢᠯᠡᠯᠲᠡ᠂ ᠨᠡᠭᠦᠷᠡᠰᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷᠴᠢᠯᠡᠵᠦ ᠳᠦᠬᠦᠷᠵᠢᠭᠦᠯᠬᠦ ᠵᠡᠷᠭᠡ ᠰᠢᠨ᠎ᠡ ᠦᠭᠡᠷᠡᠴᠢᠯᠡᠯᠲᠡ ᠶᠢᠨ ᠲᠦᠰᠦᠯ ᠢ ᠰᠤᠳᠤᠯᠤᠨ ᠲᠣᠭᠲᠠᠭᠠᠭᠰᠠᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠶᠢ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      ︵ᠳᠥᠷᠪᠡ︶ ᠠᠷᠠᠳ ᠤᠨ ᠠᠮᠢᠳᠤᠷᠠᠯ ᠢ ᠬᠠᠷᠠᠭᠠᠯᠵᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠬᠤ ᠬᠡᠷᠡᠭᠲᠡᠢ᠃ ︽ᠬᠢᠵᠠᠭᠠᠷᠯᠠᠬᠤ ᠱᠤᠭᠤᠮ ᠢ ᠰᠠᠬᠢᠬᠤ᠂ ᠭᠤᠣᠯᠳᠠᠯᠭ᠎ᠠ ᠶᠢ ᠳᠤᠪᠤᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡᠨ ᠢ ᠬᠦᠲᠦᠯᠦᠨ ᠵᠢᠯᠤᠭᠤᠳᠬᠤ︾ ᠦᠨᠳᠦᠰᠦᠨ ᠰᠡᠳᠬᠢᠮᠵᠢ ᠶᠢᠨ ᠶᠤᠰᠤᠭᠠᠷ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠬᠤᠲᠠ ᠪᠠᠯᠭᠠᠰᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ ᠲᠤᠨᠢ 9% ᠪᠠ 10%᠎ ᠠᠴᠠ ᠳᠡᠭᠡᠭᠰᠢ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠣᠯᠭᠤᠬᠤ ᠬᠦᠮᠦᠨ ᠢ 25 ᠲᠦᠮᠡ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4%᠎ ᠶᠢᠨ ᠳᠤᠲᠤᠷ᠎ᠠ ᠬᠢᠵᠠᠭᠠᠷᠯᠠᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ 40 ᠲᠦᠮᠡ ᠪᠠᠭᠠᠰᠬᠠᠵᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 24.2 ᠲᠦᠮᠡᠨ ᠢᠵᠢ ᠰᠢᠨ᠎ᠡ ᠪᠠᠷ ᠠᠵᠢᠯ ᠡᠬᠢᠯᠡᠭᠦᠯᠦᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ 17 ᠲᠦᠮᠡᠨ ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠤᠨ ᠬᠠᠷᠠᠯᠲᠠ ᠶᠢ ᠦᠨᠡᠨᠬᠦ ᠪᠠᠲᠤᠯᠠᠨ ᠪᠡᠶᠡᠯᠡᠬᠦᠯᠬᠦ ᠬᠡᠷᠡᠭᠲᠡᠢ᠃      1. ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠢᠮᠳᠠᠭᠤᠯᠤᠨ ᠪᠠᠶᠢᠴᠠᠭᠠᠬᠤ ᠪᠠᠨ ᠰᠠᠶᠢᠲᠤᠷ ᠠᠳᠬᠤᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠲᠦᠯᠬᠢᠨ ᠠᠬᠢᠭᠤᠯᠤᠭᠰᠠᠨ ᠪᠠᠶᠢᠳᠠᠯ᠂ ᠠᠳᠠᠯ ᠦᠢᠯᠡᠰ ᠴᠤᠭᠴᠠᠯᠠᠵᠤ ᠠᠵᠢᠯ ᠣᠯᠭᠤᠬᠤ ᠢᠨᠵᠧᠨᠧᠷᠢᠩ ᠢᠯᠠᠩᠭᠤᠶ᠎ᠠ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ᠂ ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠠᠵᠢᠯ ᠣᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠷᠠᠳ ᠣᠯᠠᠨ ᠤ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢᠯᠠᠩᠭᠤᠶ᠎ᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ᠂ ᠭᠤᠣᠯᠳᠠᠯᠭ᠎ᠠ ᠲᠠᠢ ᠳᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠵᠠᠰᠠᠭᠰᠠᠨ ᠪᠠᠶᠢᠳᠠᠯ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠭᠰᠠᠨ ᠪᠠᠶᠢᠳᠠᠯ᠂ ᠶᠠᠳᠠᠭᠤ ᠶᠢ ᠲᠡᠳᠭᠦᠵᠦ ᠪᠠᠬᠢᠯᠡᠯᠲᠡ ᠳᠠᠭᠠᠷᠢᠬᠤ ᠢᠨᠵᠧᠨᠧᠷᠢᠩ ᠢᠯᠠᠩᠭᠤᠶ᠎ᠠ ᠲᠦᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠬᠦ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ᠂ ᠣᠷᠣᠯᠭ᠎ᠠ ᠪᠠᠭᠠᠲᠠᠢ ᠮᠠᠯᠵᠢᠬᠤ ᠲᠠᠷᠢᠶᠠᠯᠠᠬᠤ ᠡᠷᠦᠬᠡ ᠳᠤ ᠳᠤᠯᠠᠭᠠᠯᠠᠭ᠎ᠠ ᠶᠢᠨ ᠨᠠᠭᠦᠷᠡᠰᠦᠨ ᠤ ᠨᠦᠬᠦᠪᠦᠷᠢ ᠶᠢ ᠤᠯᠭᠤᠬᠤ ᠂ ᠶᠡᠭᠡ ᠰᠤᠷᠭᠠᠭᠤᠯᠢ ᠶᠢᠨ ᠬᠦᠴᠢᠷᠳᠡᠯᠲᠡᠢ ᠭᠡᠷ ᠪᠦᠯᠢ ᠲᠠᠢ ᠰᠢᠨ᠎ᠡ ᠰᠤᠷᠤᠭᠴᠢ ᠶᠢᠨ ᠰᠣᠷᠭᠠᠭᠤᠯᠢ ᠳᠤ ᠣᠷᠤᠬᠤ ᠶᠢ ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠶᠢ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      2. ᠠᠷᠠᠳ ᠣᠯᠠᠨ ᠤ ᠠᠩᠬᠠᠷᠳᠠᠭ ᠬᠠᠯᠠᠮᠰᠢᠯ ᠠᠰᠠᠭᠤᠳᠠᠯ ᠢ ᠰᠢᠮᠳᠠᠭᠤᠯᠤᠨ ᠪᠠᠶᠢᠴᠠᠭᠠᠬᠤ ᠪᠠᠨ ᠰᠠᠶᠢᠲᠤᠷ ᠠᠳᠬᠤᠬᠤ ᠬᠡᠷᠡᠭᠲᠡᠢ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠡᠩᠴᠡᠭᠦᠷᠢᠵᠢᠯᠡᠯ ᠢ ᠲᠦᠯᠬᠢᠨ ᠠᠬᠢᠭᠤᠯᠤᠭᠰᠠᠨ ᠪᠠᠶᠢᠳᠠᠯ᠂ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠡᠮᠴᠢᠯᠡᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠭᠡᠬᠦ᠂ ᠨᠡᠶᠢᠭᠡᠮ ᠤᠨ ᠠᠪᠤᠷᠠᠨ ᠲᠤᠰᠠᠯᠠᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ᠂ ᠤᠤᠭᠤᠬᠤ ᠤᠰᠤ ᠶᠢᠨ ᠠᠮᠤᠷ ᠲᠦᠪᠰᠢᠨ ᠤ ︽ᠪᠦᠬᠦᠨ ᠢ ᠬᠠᠮᠤᠷᠬᠤ︾᠂ ᠰᠤᠷᠭᠠᠭᠤᠯᠢ ᠶᠢᠨ ᠪᠠᠶᠢᠷᠢ ᠶᠢᠨ ᠠᠮᠦᠷ ᠲᠥᠪᠰᠢᠨ ᠢ ᠦᠭᠡᠷᠡᠴᠢᠯᠡᠨ ᠰᠠᠶᠢᠵᠢᠷᠠᠭᠤᠯᠬᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠠᠵᠢᠯᠯᠠᠭ᠎ᠠ ᠪᠣᠯᠣᠨ ᠶᠡᠭᠡ ᠪᠠᠶᠢᠴᠠᠭᠠᠯᠲᠠ ᠵᠡᠷᠭᠡ ᠣᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠥᠪᠰᠢᠨ ᠤ ᠬᠡᠪᠴᠢᠶᠡᠨ ᠳᠤ ᠬᠤᠯᠪᠤᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠢ ᠪᠦᠲᠦᠭᠡᠨ ᠪᠠᠶᠢᠭᠤᠯᠤᠭᠰᠠᠨ ᠪᠠᠶᠢᠳᠠᠯ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠢᠷᠢ ᠲᠥᠪᠰᠢᠨ ᠤ ᠳᠡᠭᠡᠭᠰᠢᠯᠡᠭᠦᠯᠬᠦ ᠢᠨᠵᠧᠨᠧᠷᠢᠩ ᠢ ᠲᠦᠯᠬᠢᠨ ᠠᠬᠢᠭᠤᠯᠤᠭᠰᠠᠨ ᠪᠠᠶᠢᠳᠠᠯ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠶᠢ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      ︵ᠲᠠᠪᠤ︶ ᠲᠥᠭᠰᠢᠭᠦᠷᠢ ᠶᠢ ᠰᠡᠷᠭᠡᠶᠢᠯᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠬᠤ ᠬᠡᠷᠡᠭᠲᠡᠢ᠃ ᠡᠳ᠋ ᠤᠨ ᠵᠠᠰᠠᠭ ᠮᠦᠩᠭᠦᠨ ᠭᠦᠢᠯᠭᠡᠭᠡ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠲᠥᠭᠰᠢᠭᠦᠷᠢ ᠳᠠᠯᠳᠠ ᠭᠡᠮ ᠳᠤ ᠴᠢᠭᠯᠡᠭᠦᠯᠦᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠲᠥᠭᠰᠢᠭᠦᠷᠢ ᠡᠭᠦᠰᠭᠡᠬᠦ ᠦᠭᠡᠢ ᠬᠢᠵᠠᠭᠠᠷᠯᠠᠬᠤ ᠱᠤᠭᠤᠮ ᠢ ᠡᠷᠡᠰ ᠰᠠᠬᠢᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠤᠨ ᠤ ᠴᠢᠨᠠᠷᠲᠠᠢ ᠵᠢᠭᠡᠯᠡᠯᠭᠡ ᠳᠠᠬᠢ ᠬᠠᠮᠢᠶᠠᠷᠤᠯᠲᠠ ᠶᠢ ᠴᠢᠩᠭᠠᠳᠬᠠᠬᠤ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠶᠢᠯᠢ ᠶᠢᠨ ᠣᠷᠣᠯᠭ᠎ᠠ ᠶᠢ ᠢᠯᠭᠠᠷᠠᠭᠤᠯᠤᠨ ᠵᠢᠷᠤᠮᠵᠢᠭᠤᠯᠤᠭᠰᠠᠨ ᠵᠡᠷᠭᠡ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠵᠤ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ᠂ ᠪᠦᠲᠦᠴᠨ ᠶᠢᠨ ᠴᠢᠨᠠᠷᠲᠠᠢ ᠠᠵᠢᠯ ᠠᠯᠳᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯ ᠢ ᠲᠣᠭᠲᠠᠭᠠᠭᠰᠠᠨ ᠪᠠᠶᠢᠳᠠᠯ ᠵᠡᠷᠭᠡ ᠳᠤ ᠰᠢᠮᠳᠠᠭᠤᠯᠤᠨ ᠪᠠᠶᠢᠴᠠᠭᠠᠬᠤ ᠶᠢ ᠭᠤᠣᠯᠳᠠᠯᠭ᠎ᠠ ᠲᠠᠢ ᠦᠷᠨᠢᠭᠦᠯᠬᠦ ᠬᠡᠷᠡᠭᠲᠡᠢ᠃      ︵ᠵᠢᠷᠭᠤᠭ᠎ᠠ︶ ᠬᠠᠤᠯᠢ ᠶᠤᠰᠤᠭᠠᠷ ᠵᠠᠰᠠᠭ ᠶᠠᠪᠤᠭᠤᠯᠬᠤ ᠭᠤᠣᠯᠳᠠᠯᠭ᠎ᠠ ᠲᠠᠢ ᠡᠭᠦᠷᠭᠡ ᠪᠣᠯᠣᠨ ᠰᠤᠷᠲᠠᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠬᠤ ᠬᠡᠷᠡᠭᠲᠡᠢ᠃ ᠲᠥᠪ ᠬᠤᠷᠢᠶ᠎ᠠ ᠶᠢᠨ ︽ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠣᠬᠠᠢ ᠲᠣᠭᠲᠠᠭᠠᠯ︾ ᠪᠠ ᠦᠪᠡᠷᠲᠡᠭᠡᠨ ᠵᠠᠰᠠᠬᠤ ᠣᠷᠣᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠤᠨ ᠶᠤᠰᠤᠭᠠᠷ᠂ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠵᠠᠰᠠᠭ ᠢ ᠴᠤᠮᠬᠠᠳᠬᠠᠵᠤ ᠡᠷᠬᠡ ᠶᠢ ᠪᠠᠭᠤᠯᠭᠠᠬᠤ ᠶᠢ ᠨᠠᠶᠢᠳᠠᠪᠤᠷᠢᠵᠢᠭᠤᠯᠬᠤ᠂ ᠡᠷᠬᠡ ᠶᠢᠨ ᠨᠠᠷᠢᠨ ᠬᠠᠭᠤᠳᠠᠰᠤ ᠶᠢ ᠪᠠᠶᠢᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠪᠠᠶᠢᠳᠠᠯ ᠳᠤ ᠪᠦᠬᠦ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ ᠬᠢᠵᠦ᠂ ᠵᠠᠰᠠᠭ ᠤᠨ ᠣᠷᠳᠤᠨ ᠢ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠰᠠᠬᠢᠯᠭ᠎ᠠ ᠳᠦᠷᠢᠮ︾ ᠪᠣᠯᠣᠨ ᠦᠪᠡᠷᠲᠡᠭᠡᠨ ᠵᠠᠰᠠᠬᠤ ᠣᠷᠣᠨ ᠤ 28 ᠵᠦᠢᠯ ᠤᠨ ᠳᠦᠬᠦᠷ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠨ᠂ ︽ᠭᠤᠷᠪᠠᠨ ᠴᠢᠩᠭ᠎ᠠ ᠭᠤᠷᠪᠠᠨ ᠪᠤᠲᠠᠲᠠᠢ︾᠎ ᠶᠢᠨ ᠱᠠᠭᠠᠷᠳᠠᠯᠭ᠎ᠠ ᠶᠤᠰᠤᠭᠠᠷ᠂ ᠪᠠᠶᠢᠴᠠᠭᠠᠨ ᠰᠤᠳᠤᠯᠤᠯᠲᠠ ᠶᠢ ᠦᠭᠡᠷᠡᠴᠢᠯᠡᠨ ᠰᠠᠶᠢᠵᠢᠷᠠᠭᠤᠯᠬᠤ᠂ ᠮᠠᠲ᠋ᠧᠷᠢᠶᠠᠯ ᠬᠤᠷᠠᠯ ᠢ ᠴᠤᠮᠬᠠᠳᠬᠠᠬᠤ᠂ ᠪᠦᠷᠢᠯᠭᠡᠨ ᠰᠦᠢᠳᠭᠡᠬᠦ ᠶᠢ ᠡᠰᠡᠷᠭᠦᠴᠡᠭᠰᠡᠨ ᠪᠠᠶᠢᠳᠠᠯ᠂ ᠠᠵᠢᠯᠯᠠᠬᠤ ᠦᠬᠡᠢ ᠪᠠᠷ ᠴᠠᠯᠢᠩ ᠠᠪᠬᠤ ᠶᠢ ᠲᠦᠪᠯᠡᠷᠡᠭᠦᠯᠵᠦ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠥᠪ ᠬᠤᠷᠢᠶ᠎ᠠ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠰᠠᠨᠠᠯ ᠳᠠᠬᠢ ᠴᠡᠭᠴᠡᠯᠡᠨ ᠵᠠᠰᠠᠬᠤ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠰᠢᠮᠳᠠᠭᠤᠯᠤᠨ ᠪᠠᠶᠢᠴᠠᠭᠠᠬᠤ ᠶᠢ ᠦᠷᠭᠦᠯᠵᠢᠯᠡᠨ ᠰᠠᠶᠢᠲᠤᠷ ᠬᠢᠵᠦ᠂ ᠵᠠᠰᠠᠭ ᠤᠨ ᠰᠤᠷᠲᠠᠯ ᠤᠨ ᠤᠯᠠᠮ ᠨᠢᠭᠡ ᠠᠯᠬᠤᠮ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃      ᠬᠤᠶᠠᠷ᠂ ᠰᠢᠮᠳᠠᠭᠤᠯᠤᠨ ᠬᠦᠢᠴᠡᠳᠬᠡᠬᠦ ᠡᠷᠴᠢᠮ ᠢᠶᠠᠨ ᠴᠢᠩᠭᠠᠷᠠᠭᠤᠯᠵᠤ᠂ ᠤᠳᠤᠷᠢᠳᠤᠯᠭ᠎ᠠ ᠶᠢᠨ ᠴᠤᠬᠤᠯᠠᠪᠤᠷᠢ ᠵᠢᠴᠢ ᠵᠦᠪᠯᠡᠨ ᠲᠣᠭᠲᠠᠭᠠᠭᠰᠠᠨ ᠵᠦᠢᠯᠡᠰ ᠢ ᠪᠦᠲᠦᠮᠵᠢᠲᠠᠢ ᠨᠠᠶᠢᠳᠠᠪᠤᠷᠢᠵᠢᠭᠤᠯᠬᠤ ᠪᠠᠨ ᠦᠨᠡᠨᠬᠦ ᠪᠠᠲᠤᠯᠠᠬᠤ ᠬᠡᠷᠡᠭᠲᠡᠢ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠤᠳᠤᠷᠢᠳᠬᠤ ᠨᠦᠬᠦᠳ ᠤᠨ ᠴᠤᠬᠤᠯᠠᠪᠤᠷᠢ ᠬᠢᠭᠰᠡᠨ ᠮᠠᠲ᠋ᠧᠷᠢᠶᠠᠯ᠂ ᠪᠠᠶᠢᠴᠠᠭᠠᠨ ᠭᠦᠢᠴᠡᠳᠭᠡᠬᠦ ᠮᠠᠲ᠋ᠧᠷᠢᠶᠠᠯ ᠳᠠᠬᠢ ᠰᠢᠮᠳᠠᠭᠤᠯᠤᠨ ᠪᠠᠶᠢᠴᠠᠭᠠᠬᠤ ᠴᠢᠬᠤᠯᠠᠲᠠᠢ ᠵᠦᠢᠯᠡᠰ ᠢ ᠬᠦᠴᠦᠯᠡᠨ ᠰᠠᠶᠢᠲᠤᠷ ᠬᠢᠵᠦ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠪᠦᠭᠦᠳᠡ ᠬᠤᠷᠠᠯᠳᠤᠭᠠᠨ᠂ ᠪᠠᠶᠢᠩᠭᠤ ᠶᠢᠨ ᠬᠤᠷᠠᠯ᠂ ᠲᠡᠷᠢᠭᠦᠯᠡᠭᠴᠢ ᠶᠢᠨ ᠠᠯᠪᠠᠯᠠᠬᠤ ᠬᠤᠷᠠᠯ᠂ ᠲᠣᠰᠬᠠᠢ ᠰᠡᠳᠦᠪᠲᠦ ᠬᠤᠷᠠᠯ ᠵᠡᠷᠭᠡ ᠴᠢᠬᠤᠯᠠ ᠬᠤᠷᠠᠯ ᠠᠴᠠ ᠵᠦᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠪᠠᠶᠢᠴᠠᠭᠠᠵᠦ ᠬᠦᠢᠴᠡᠳᠬᠡᠬᠦ ᠬᠡᠷᠡᠭᠲᠡᠢ᠃ ᠨᠢᠭᠡ ᠳᠤ ᠰᠢᠮᠳᠠᠭᠤᠯᠤᠨ ᠬᠦᠢᠴᠡᠳᠬᠡᠬᠦ ᠳᠡᠰ ᠳᠠᠷᠠᠭ᠎ᠠ ᠶᠢ ᠰᠢᠯᠢᠳᠡᠭᠵᠢᠭᠦᠯᠵᠦ᠂ ᠠᠵᠢᠯ ᠤᠨ ᠦᠷ᠎ᠠ ᠪᠦᠳᠦᠮᠵᠢ ᠶᠢ ᠳᠡᠭᠡᠭᠰᠢᠯᠡᠭᠦᠯᠦᠨ᠂ ᠪᠠᠴᠢᠮ ᠠᠵᠢᠯ ᠢ ᠲᠦᠷᠬᠡᠨ ᠬᠦᠢᠴᠡᠳᠬᠡᠵᠦ ᠬᠦᠢᠴᠡᠳᠬᠡᠵᠦ᠂ ᠣᠨᠴᠤᠭᠤᠢ ᠠᠵᠢᠯ ᠢ ᠣᠨᠴᠤᠭᠤᠶᠢᠯᠠᠨ ᠭᠦᠢᠴᠡᠳᠭᠡᠬᠦ ᠶᠢ ᠪᠠᠷᠢᠮᠲᠠᠯᠠᠵᠤ᠂ ᠴᠠᠭ ᠲᠤᠨᠢ ᠲᠣᠬᠢᠷᠠᠭᠤᠯᠤᠨ ᠱᠠᠭᠠᠷᠳᠠᠨ ᠬᠦᠢᠴᠡᠳᠬᠡᠯᠬᠡᠬᠦ ᠪᠠ ᠮᠦᠷᠳᠡᠵᠦ ᠰᠢᠮᠳᠠᠭᠤᠯᠤᠨ ᠬᠦᠢᠴᠡᠳᠬᠡᠯᠬᠡᠬᠦ᠂ ᠲᠣᠭᠲᠠᠭᠰᠠᠨ ᠴᠠᠭ ᠬᠤᠭᠤᠴᠠᠭᠠᠨ ᠳᠤᠲᠤᠷ᠎ᠠ ᠨᠠᠶᠢᠳᠠᠪᠤᠷᠢᠵᠢᠭᠤᠯᠤᠨ ᠭᠦᠢᠴᠡᠳᠭᠡᠵᠦ᠂ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ ᠬᠤᠶᠠᠷ ᠲᠤ ᠬᠢᠨᠠᠨ ᠬᠠᠷᠭᠤᠭᠤᠯᠵᠤ ᠡᠵᠡᠮᠳᠡᠬᠦ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠦᠨᠳᠦᠷ᠂ ᠨᠦᠯᠦᠭᠡᠯᠡᠯ ᠤᠨ ᠬᠡᠪᠴᠢᠶ᠎ᠡ ᠪᠠᠷ ᠶᠡᠭᠡ ᠵᠦᠢᠯᠡᠰ ᠢ ᠰᠤᠩᠭᠤᠵᠤ ᠪᠤᠲᠠᠲᠠᠢ ᠭᠠᠵᠠᠷ ᠲᠤᠨᠢ ᠪᠠᠶᠢᠴᠠᠭᠠᠯᠲᠠ ᠬᠢᠬᠦ ᠪᠠ ᠳᠠᠬᠢᠨ ᠬᠢᠨᠠᠬᠤ ᠬᠠᠷᠢᠭᠤ ᠰᠤᠷᠪᠤᠯᠵᠢᠯᠠᠯ ᠬᠢᠵᠦ᠂ ᠤᠳᠤᠷᠢᠳᠤᠯᠭ᠎ᠠ ᠶᠢᠨ ᠴᠣᠬᠤᠯᠪᠤᠷᠢᠯᠠᠭᠰᠠᠨ ᠵᠦᠢᠯᠡᠰ ᠪᠣᠯᠣᠨ ᠴᠢᠬᠤᠯᠠ ᠬᠤᠷᠠᠯ ᠠᠴᠠ ᠵᠦᠪᠯᠡᠨ ᠲᠣᠭᠲᠠᠭᠠᠭᠰᠠᠨ ᠵᠦᠢᠯᠡᠰ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠣᠳᠣᠷᠢᠳᠤᠯᠭ᠎ᠠ ᠶᠢᠨ ᠴᠤᠬᠤᠯᠠᠪᠤᠷᠢᠯᠠᠭᠰᠠᠨ ᠵᠦᠢᠯᠡᠰ ᠪᠣᠯᠣᠨ ᠴᠢᠬᠤᠯᠠ ᠬᠤᠷᠠᠯ ᠠᠴᠠ ᠵᠦᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ︾᠎ ᠢ ᠬᠢᠨᠠᠮᠠᠭᠠᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠤᠨ ᠵᠢᠴᠢ ᠲᠡᠭᠦᠨ ᠤ ᠰᠠᠯᠠᠭ᠎ᠠ ᠮᠦᠴᠢᠷ ᠨᠢ ᠣᠳᠣᠷᠢᠳᠤᠯᠭ᠎ᠠ ᠶᠢᠨ ᠴᠤᠬᠤᠯᠠᠪᠤᠷᠢᠯᠠᠭᠰᠠᠨ ᠵᠦᠢᠯᠡᠰ ᠪᠣᠯᠣᠨ ᠴᠢᠬᠤᠯᠠ ᠬᠤᠷᠠᠯ ᠠᠴᠠ ᠵᠦᠪᠯᠡᠨ ᠲᠣᠭᠲᠠᠭᠠᠭᠰᠠᠨ ᠵᠦᠢᠯᠡᠰ ᠢ ᠳᠠᠭᠠᠭᠠᠨ ᠠᠪᠴᠤ ᠭᠦᠢᠴᠡᠳᠭᠡᠨ ᠬᠢᠬᠦ ᠨᠢᠭᠡᠴᠡ ᠪᠣᠯᠬᠤ ᠮᠦᠷᠲᠡᠭᠡᠨ ᠮᠦᠨ ᠰᠢᠮᠳᠠᠭᠤᠯᠤᠨ ᠪᠠᠶᠢᠴᠠᠭᠠᠬᠤ ᠨᠢᠭᠡᠴᠡ ᠪᠤᠯᠬᠤ ᠳᠠᠪᠬᠤᠷ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠣᠬᠢᠶᠠᠨ ᠪᠠᠶᠢᠭᠤᠯᠵᠤ ᠰᠢᠮᠳᠠᠭᠤᠯᠤᠨ ᠬᠦᠢᠴᠡᠳᠬᠡᠯᠬᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃       ᠭᠤᠷᠪᠠ᠂ ᠭᠦᠢᠴᠡᠳᠭᠡᠬᠦ ᠠᠷᠭ᠎ᠠ ᠪᠠᠷᠢᠯ ᠢ ᠴᠢᠩᠭᠠᠳᠬᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠦᠪᠯᠡᠯᠭᠡᠨ ᠤ ᠳᠤᠷᠠᠳᠤᠯᠭ᠎ᠠ ᠶᠢ ᠭᠦᠢᠴᠡᠳᠭᠡᠬᠦ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ      ᠵᠠᠰᠠᠭ ᠤᠨ ᠣᠷᠳᠤᠨ ᠤ ᠰᠢᠰᠲ᠋ᠧᠮ ᠤᠨ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠭᠡᠬᠦ ᠠᠵᠢᠯ ᠳᠤ ᠰᠢᠮᠳᠠᠭᠤᠯᠤᠨ ᠬᠦᠢᠴᠡᠳᠬᠡᠯᠬᠡᠬᠦ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ᠂ ᠮᠡᠳᠡᠭᠳᠡᠬᠦ᠂ ᠰᠢᠯᠭᠠᠨ ᠬᠢᠨᠠᠬᠤ ᠂ ᠠᠳᠠᠯᠢᠳᠬᠠᠨ ᠰᠢᠯᠭᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠠᠪᠴᠢᠯ ᠢᠶᠠᠷ ᠳᠠᠮᠵᠢᠨ᠂ ᠭᠦᠢᠴᠡᠳᠭᠡᠬᠦ ᠦᠷ᠎ᠠ ᠪᠦᠳᠦᠮᠵᠢ ᠪᠠ ᠭᠦᠢᠴᠡᠳᠭᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠢᠭᠡ ᠳᠤ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠭᠡᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠣᠯᠣᠨ ᠭᠦᠢᠴᠡᠳᠭᠡᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠤᠨ ᠵᠢᠴᠢ ᠡᠯ᠎ᠡ ᠰᠠᠯᠠᠭ᠎ᠠ ᠮᠦᠴᠢᠷ ᠤᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠨ᠂ ᠰᠠᠨᠠᠭᠤᠯᠭ᠎ᠠ ᠶᠢ ᠭᠦᠢᠴᠡᠳᠭᠡᠬᠦ ᠠᠵᠢᠯ ᠢ ᠳᠠᠭᠠᠭᠤᠯᠤᠨ ᠭᠦᠢᠴᠡᠳᠭᠡᠬᠦ ᠬᠡᠷᠡᠭᠲᠡᠢ᠃ ᠬᠤᠶᠠᠷ ᠲᠤ ᠰᠠᠨᠠᠭᠤᠯᠭ᠎ᠠ ᠶᠢ ᠭᠦᠢᠴᠡᠳᠭᠡᠬᠦ ᠪᠠ ᠠᠵᠢᠯ ᠢᠶᠠᠨ ᠠᠬᠢᠭᠤᠯᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠴᠢᠬᠤᠯᠠᠴᠢᠯᠠᠵᠤ᠂ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠭᠡᠬᠦ ᠠᠵᠢᠯ ᠢᠶᠠᠨ ᠡᠯ᠎ᠡ ᠱᠠᠲᠤᠨ ᠤ ᠵᠠᠰᠠᠭ ᠤᠨ ᠣᠷᠳᠤᠨ ᠵᠢᠴᠢ ᠡᠯ᠎ᠡ ᠰᠠᠯᠠᠭ᠎ᠠ ᠮᠦᠴᠢᠷ ᠤᠨ ᠪᠦᠬᠦ᠋ᠢᠯᠡ ᠴᠤᠭᠴᠠᠳᠤ ᠠᠵᠢᠯ ᠳᠠᠭᠠᠨ ᠣᠷᠣᠭᠤᠯᠤᠨ᠂ ᠲᠣᠬᠠᠶᠢᠯᠠᠭᠰᠠᠨ ᠠᠵᠢᠯ ᠥᠷᠨᠢᠭᠦᠯᠬᠦ ᠪᠠᠨ ᠪᠠᠶᠢᠷᠢᠯᠠᠭᠤᠯᠬᠤ᠂ ᠨᠠᠶᠢᠳᠠᠪᠤᠷᠢᠵᠢᠭᠤᠯᠬᠤ᠂ ᠪᠠᠶᠢᠴᠠᠭᠠᠬᠤ ᠯᠤᠭ᠎ᠠ ᠵᠡᠷᠬᠡ ᠪᠠᠷ ᠬᠢᠵᠦ᠂ ᠪᠤᠲᠠᠲᠠᠢ ᠠᠰᠠᠭᠤᠳᠠᠯ ᠤᠨ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ᠃ ᠭᠤᠷᠪᠠ ᠳᠤ ᠲᠦᠯᠦᠭᠡᠯᠡᠭᠴᠢ ᠪᠠ ᠭᠡᠰᠢᠭᠦᠳ ᠤᠨ ᠵᠦᠢ ᠶᠤᠰᠤᠨ ᠤ ᠰᠠᠨᠠᠭᠤᠯᠭ᠎ᠠ ᠶᠢ ᠢᠳᠡᠪᠬᠢᠲᠡᠢ ᠬᠦᠯᠢᠶᠡᠨ ᠠᠪᠴᠤ᠂ ᠲᠦᠯᠦᠭᠡᠯᠡᠭᠴᠢ ᠪᠠ ᠭᠡᠰᠢᠭᠦᠳ ᠤᠨ ᠬᠤᠷᠠᠮᠳᠤᠭᠤᠯᠤᠭᠰᠠᠨ ᠦᠨᠳᠦᠰᠦᠨ ᠱᠠᠲᠤᠨ ᠤ ᠲᠣᠷᠰᠢᠯᠭ᠎ᠠ ᠪᠣᠯᠣᠨ ᠣᠯᠠᠨ ᠲᠦᠮᠡᠨ ᠤ ᠤᠶᠤᠨ ᠪᠢᠯᠢᠭ ᠢ ᠵᠠᠰᠠᠭ ᠤᠨ ᠣᠷᠳᠤᠨ ᠤ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ᠂ ᠵᠠᠰᠠᠭ ᠤᠨ ᠣᠷᠳᠤᠨ ᠤ ᠠᠵᠢᠯ ᠤᠨ ᠰᠢᠨᠵᠢᠯᠡᠬᠦ ᠤᠬᠠᠭᠠᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠥᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠨ᠂ ᠠᠵᠢᠯ ᠲᠣᠬᠢᠷᠠᠭᠤᠯᠤᠨ ᠪᠠᠶᠢᠷᠢᠯᠠᠭᠤᠯᠵᠤ᠂ ᠲᠥᠷᠥ ᠶᠢᠨ ᠪᠣᠳᠣᠯᠭ᠎ᠠ ᠰᠤᠳᠤᠯᠤᠨ ᠲᠣᠭᠲᠠᠭᠠᠬᠤ ᠳᠠᠭᠠᠨ ᠭᠦᠢᠴᠡᠳ ᠳᠤᠰᠬᠠᠬᠤ ᠬᠡᠷᠡᠭᠲᠡᠢ᠃ ᠳᠥᠷᠪᠡ ᠳᠤ ᠵᠦᠪᠯᠡᠨ ᠶᠠᠷᠢᠯᠴᠠᠬᠤ᠂ ᠪᠣᠲᠠᠲᠠᠢ ᠭᠠᠵᠠᠷ ᠲᠤᠨᠢ ᠰᠢᠯᠭᠠᠨ ᠪᠠᠶᠢᠴᠠᠭᠠᠬᠤ ᠪᠠ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠲᠦᠯᠦᠭᠡᠯᠡᠭᠴᠢ ᠪᠠ ᠭᠡᠰᠢᠭᠦᠳ ᠯᠦᠭᠡ ᠨᠢᠭᠤᠷᠳᠠᠨ ᠣᠶᠢᠯᠠᠭᠠᠯᠴᠠᠵᠤ ᠰᠠᠨᠠᠯ ᠢᠶᠠᠨ ᠰᠤᠯᠢᠯᠴᠠᠬᠤ ᠶᠢ ᠴᠢᠩᠭᠠᠳᠬᠠᠨ᠂ ᠭᠦᠢᠴᠡᠳᠭᠡᠬᠦ ᠠᠴᠠ ᠡᠮᠦᠨᠡᠬᠢ᠂ ᠭᠦᠢᠴᠡᠳᠭᠡᠬᠦ ᠳᠤᠮᠳᠠᠬᠢ᠂ ᠭᠦᠢᠴᠡᠳᠭᠡᠭᠰᠡᠨ ᠤ ᠰᠡᠭᠦᠯᠡᠷᠬᠢ ᠡᠯ᠎ᠡ ᠵᠠᠩᠭᠢᠯᠠᠭ᠎ᠠ ᠳᠠᠬᠢ ᠵᠥᠪᠳᠡᠯᠴᠡᠭᠡ ᠶᠢ ᠭᠦᠨᠵᠡᠭᠡᠶᠢᠷᠡᠭᠦᠯᠵᠦ᠂ ᠴᠢᠭᠯᠡᠭᠦᠯᠬᠦ ᠴᠢᠨᠠᠷᠲᠠᠢ ᠪᠠᠷ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃      ᠳᠡᠭᠡᠷ᠎ᠡ ᠲᠤᠷᠠᠳᠤᠭᠰᠠᠨ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠡᠭᠦᠷᠭᠡ ᠶᠢᠨ ᠪᠡᠶᠡᠯᠡᠭᠳᠡᠯ ᠢ ᠦᠨᠡᠨᠬᠦ ᠪᠠᠲᠤᠯᠠᠬᠤ ᠶᠢᠨ ᠲᠤᠰᠠᠳᠠ᠂ ᠡᠯ᠎ᠡ ᠱᠠᠲᠤᠨ ᠤ ᠵᠠᠰᠠᠭ ᠤᠨ ᠣᠷᠳᠤᠨ ᠵᠢᠴᠢ ᠲᠡᠭᠦᠨ ᠤ ᠰᠠᠯᠠᠭ᠎ᠠ ᠮᠦᠴᠢᠷ ᠤᠳ ︽ᠵᠠᠰᠠᠭ ᠤᠨ ᠣᠷᠳᠤᠨ ᠤ ᠰᠢᠮᠳᠠᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 42 ᠳ᠋ᠤᠭᠠᠷ ᠲᠣᠭᠠᠲᠤ︶ ᠪᠠ ᠵᠠᠰᠠᠭ ᠤᠨ ᠣᠷᠳᠤᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠬᠤ ᠲᠣᠬᠠᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ ᠰᠢᠮᠳᠠᠭᠤᠯᠤᠨ ᠪᠠᠶᠢᠴᠠᠭᠠᠬᠤ ᠠᠵᠢᠯ ᠳᠠᠬᠢ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠪᠠᠳᠠᠨ ᠰᠢᠮᠳᠠᠭᠤᠯᠤᠨ ᠪᠠᠶᠢᠴᠠᠭᠠᠬᠤ ᠠᠵᠢᠯ ᠢ ᠡᠳᠦᠷ ᠲᠤᠳᠤᠮ ᠤᠨ ᠴᠢᠬᠤᠯᠠ ᠠᠵᠢᠯ ᠤᠨ ᠵᠦᠪᠯᠡᠬᠦ ᠵᠦᠢᠯ ᠳᠤ ᠣᠷᠤᠭᠤᠯᠤᠨ᠂ ᠰᠢᠮᠳᠠᠭᠤᠯᠤᠨ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢ ᠲᠣᠳᠤᠷᠬᠠᠶᠢᠯᠠᠬᠤ ᠬᠡᠷᠡᠭᠲᠡᠢ᠃ ᠬᠤᠶᠠᠷ ᠲᠤ ᠰᠢᠮᠳᠠᠭᠤᠯᠤᠨ ᠪᠠᠶᠢᠴᠠᠭᠠᠬᠤ ᠪᠠᠶᠢᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠲᠦᠯᠲᠡᠢ ᠲᠦᠯᠦᠪᠯᠡᠨ ᠵᠣᠬᠢᠴᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠠᠮᠵᠢᠯᠴᠠᠨ ᠬᠤᠷᠰᠢᠬᠤ᠂ ᠬᠦᠳᠡᠯᠦᠩᠭᠦᠢ ᠪᠠᠷ ᠬᠠᠮᠢᠶᠠᠷᠬᠤ᠂ ᠰᠢᠯᠭᠠᠨ ᠬᠢᠨᠠᠵᠤ ᠦᠨᠡᠯᠡᠬᠦ ᠵᠡᠷᠭᠡ ᠠᠵᠢᠯ ᠤᠨ ᠲᠣᠭᠲᠠᠴᠠ ᠪᠠ ᠮᠡᠳᠡᠬᠦᠯᠦᠨ ᠬᠠᠷᠢᠭᠤ ᠲᠤᠰᠬᠠᠬᠤ᠂ ᠪᠠᠶᠢᠴᠠᠭᠠᠵᠤ ᠳᠠᠬᠢᠨ ᠬᠢᠨᠠᠬᠤ᠂ ᠪᠠᠶᠢᠳᠠᠯ ᠢ ᠮᠡᠳᠡᠭᠳᠡᠬᠦ᠂ ᠬᠠᠷᠢᠭᠤᠴᠠᠯᠭ᠎ᠠ ᠶᠢ ᠨᠡᠬᠡᠮᠵᠢᠯᠡᠬᠦ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠵᠡᠷᠭᠡ ᠳᠦᠷᠢᠮ ᠢ ᠪᠠᠶᠢᠭᠤᠯᠤᠨ᠂ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠵᠢᠷᠤᠮᠵᠢᠭᠤᠯᠬᠤ ᠂ ᠰᠢᠨᠵᠢᠯᠡᠬᠦ ᠤᠬᠠᠭᠠᠨᠴᠢᠯᠠᠬᠤ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠰᠢᠮᠳᠠᠭᠤᠯᠤᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠶᠢᠨ ᠮᠡᠳᠡᠭᠡ ᠵᠠᠩᠬᠢᠵᠢᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠯᠬᠡᠬᠦ ᠶᠢ ᠬᠡᠷᠡᠭᠵᠢᠭᠦᠯᠬᠦ ᠬᠡᠷᠡᠭᠲᠡᠢ᠃ ᠠᠬᠢᠴᠠ ᠶᠢ ᠮᠡᠳᠡᠭᠳᠡᠬᠦ ᠪᠠ ᠦᠨᠡᠯᠡᠬᠦ ᠠᠵᠢᠯ ᠤᠨ ᠲᠠᠯ᠎ᠠ ᠳᠠᠬᠢ ᠰᠢᠮᠳᠠᠭᠤᠯᠤᠨ ᠪᠠᠶᠢᠴᠠᠭᠠᠭᠰᠠᠨ ᠦᠷ᠎ᠠ ᠳ᠋ᠦᠩ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠤᠳᠤᠷᠢᠳᠤᠯᠭ᠎ᠠ ᠶᠢᠨ ᠦᠨᠡᠯᠡᠬᠦ ᠪᠠ ᠠᠵᠢᠯ ᠤᠨ ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠠᠵᠢᠯ ᠳᠠᠬᠢ ᠰᠢᠮᠳᠠᠭᠤᠯᠤᠨ ᠪᠠᠶᠢᠴᠠᠭᠠᠬᠤ ᠦᠷ᠎ᠠ ᠪᠦᠳᠦᠬᠡᠯ ᠤᠨ ᠬᠡᠷᠡᠭᠯᠡᠯᠳᠡ ᠶᠢ ᠢᠳᠡᠪᠬᠢᠳᠡᠢ ᠲᠦᠯᠬᠢᠨ ᠠᠬᠢᠭᠤᠯᠬᠤ ᠬᠡᠷᠡᠭᠳᠡᠢ᠃ ᠳᠥᠷᠪᠡ ᠳᠤ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠶᠢ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠬᠤ ᠬᠦᠴᠦᠨ ᠢ ᠳᠦᠬᠦᠷᠵᠢᠭᠦᠯᠦᠨ ᠴᠢᠩᠭᠠᠷᠠᠭᠤᠯᠵᠤ᠂ ᠰᠤᠷᠤᠯᠴᠠᠵᠤ ᠪᠣᠯᠪᠠᠰᠤᠷᠠᠭᠤᠯᠬᠤ ᠪᠠ ᠦᠢᠯᠡᠳᠦᠯᠭᠡ ᠶᠢᠨ ᠳᠤᠮᠳᠠ ᠪᠣᠯᠪᠠᠰᠤᠷᠠᠭᠤᠯᠬᠤ ᠶᠢ ᠴᠢᠩᠭᠠᠳᠬᠠᠨ᠂ ᠵᠣᠷᠢᠭᠲᠠᠢ ᠪᠠᠷ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠬᠤ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠰᠢᠮᠳᠠᠭᠤᠯᠤᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠤᠶᠢᠵᠢᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号