6 ᠳ᠋ᠤᠭᠠᠷ ᠰᠠᠷ᠎ᠠ ᠶᠢᠨ 25 ᠊᠊᠊᠊᠊ 26 ᠤ ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠮᠠᠯ | ᠠᠵᠦ ᠠᠬᠤᠢ ᠶᠢᠨ ᠠᠵᠢᠯ ᠤᠨ ᠬᠤᠷᠠᠯᠳᠤᠭᠠᠨ ᠬᠢᠨᠭ᠍ᠭᠠᠨ ᠠᠶᠢᠮᠠᠭ ᠤᠨ ᠤᠯᠠᠭᠠᠨᠬᠤᠳᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠪᠦᠷᠢᠨ ᠶᠠᠷᠢᠶ᠎ᠡ | ᠲᠠᠯᠪᠢᠪᠠ᠃ | ᠪᠦᠷᠢᠨ ᠶᠠᠷᠢᠶ᠎ᠡ ᠳᠠᠭᠠᠨ ᠱᠠᠭᠠᠷᠳᠠᠭᠰᠠᠨ ᠨᠢ᠂ ᠠᠵᠦ ᠠᠬᠤᠢ ᠶᠢᠨ ᠬᠦᠭᠵᠢᠯᠳᠠ ᠶᠢᠨ ᠰᠢᠨ᠎ᠡ ᠬᠡᠪ | ᠪᠠᠶᠢᠳᠠᠯ ᠳᠤ ᠬᠠᠨᠳᠤᠭᠤᠯᠤᠨ᠂ ᠮᠠᠯ ᠠᠵᠤ ᠠᠬᠤᠢ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠣᠨᠴᠠᠯᠢᠭ ᠢ | ᠰᠠᠨᠠᠭᠠᠴᠢᠯᠠᠭ᠎ᠠ ᠲᠠᠢ ᠪᠠᠷ ᠡᠵᠡᠮᠰᠢᠨ᠂ ᠨᠢᠭᠡ ᠲᠠᠯ᠎ᠠ ᠪᠠᠷ ᠥᠭᠡᠷᠡᠴᠢᠯᠡᠯᠲᠡ ᠶᠢ ᠠᠳᠬᠤᠬᠤ᠂ ᠨᠥᠭᠦᠭᠡ ᠲᠠᠯ᠎ᠠ ᠪᠠᠷ | ᠬᠥᠭᠵᠢᠯᠲᠡ ᠶᠢ ᠠᠳᠬᠤᠬᠤ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ | ᠲᠠᠢ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠤᠷᠤᠨ ᠤ ᠮᠠᠯ ᠠᠵᠦ | ᠠᠬᠤᠢ ᠶᠢᠨ ᠥᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ | ᠬᠤᠨᠢᠨ ᠤ ᠡᠭᠦᠯᠳᠡᠷ ᠤᠨ ᠦᠢᠯᠡᠰ ᠤᠨ ᠬᠥᠭᠵᠢᠯᠲᠡ ᠶᠢ ᠲᠥᠷᠭᠡᠳᠭᠡᠨ ᠠᠬᠢᠭᠤᠯᠵᠤ᠂ ᠳᠠᠪᠠᠭᠤᠯᠢᠭ ᠮᠠᠯ ᠤᠨ | ᠡᠭᠦᠯᠳᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠲᠠᠯ᠎ᠠ ᠨᠤᠲᠤᠭ ᠤᠨ | ᠨᠡᠷᠡᠲᠦ ᠲᠥᠷᠥᠯ ᠲᠡᠮᠳᠡᠭᠲᠦ ᠶᠢᠨ ᠮᠥᠷᠳᠡᠬᠦ ᠴᠢᠬᠢᠨ ᠲᠡᠮᠳᠡᠭ ᠤᠨ ᠲᠤᠷᠰᠢᠯᠲᠠ ᠶᠢᠨ ᠴᠢᠭ᠋ ᠤᠨ ᠠᠵᠢᠯ ᠢ ᠤᠯᠠᠨ ᠨᠢᠭᠡ | ᠠᠯᠬᠤᠮ ᠥᠷᠭᠡᠳᠬᠡᠨ᠂ ᠮᠠᠯ ᠵᠢᠭᠦᠷᠲᠡᠨ ᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠶᠠᠰᠤ ᠴᠢᠨᠠᠷ ᠤᠨ ᠠᠮᠤᠷ | ᠲᠥᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠮᠠᠯ ᠠᠵᠤ ᠠᠬᠤᠢ ᠶᠢᠨ ᠭᠤᠣᠯᠳᠠᠯᠭ᠎ᠠ ᠲᠠᠢ | ᠲᠥᠷᠥᠯ ᠵᠦᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ ᠤ | ᠳᠠᠭᠠᠳᠬᠠᠯ ᠤᠨ ᠳᠦᠷᠢᠮ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠠᠷᠢᠭᠤᠴᠠᠯᠭᠠᠲᠤ | ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠂ ᠦᠨᠡᠨ ᠢ ᠪᠠᠷᠢᠮᠳᠠᠯᠠᠨ | ᠪᠤᠳᠠᠳᠠᠢ ᠶᠢ ᠡᠷᠬᠢᠮᠯᠡᠵᠦ᠂ ᠵᠠᠮ ᠨᠡᠬᠡᠬᠡᠨ ᠰᠢᠨ᠎ᠡ ᠶᠢ ᠡᠭᠦᠳᠴᠦ᠂ ᠮᠠᠨ ᠤ ᠣᠷᠣᠨ ᠤ ᠪᠣᠬᠢᠷᠳᠤᠯ ᠦᠭᠡᠢ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠥᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ | ᠰᠠᠭᠤᠷᠢᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠤ᠂ ᠪᠥᠬᠦ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠬᠤ ᠬᠡᠷᠡᠭᠲᠡᠢ ᠭᠡᠵᠡᠢ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠳ ᠪᠠᠰᠠ ᠥᠪᠥᠷ ᠮᠣᠩᠭᠤᠯ ᠤᠨ ᠯᠠᠢ ᠳ᠋ᠧ ᠠᠳᠤᠭᠤᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠦᠴᠢᠤᠧᠠᠨ ᠰᠢᠶᠠᠨ ᠤ ᠱᠦ ᠭᠤᠧᠠᠩ ᠣᠳᠣ ᠦᠶ᠎ᠡ ᠶᠢᠨ | ᠲᠡᠵᠢᠭᠡᠵᠦ ᠦᠷᠡᠵᠢᠭᠦᠯᠬᠦ ᠬᠦᠷᠢᠶᠠᠯᠠᠩ ᠲᠤᠭᠤᠷᠢᠭ᠂ ᠥᠪᠥᠷ ᠮᠣᠩᠭᠤᠯ ᠤᠨ ᠮᠧᠩ ᠪᠧᠨ ᠮᠠᠯ ᠠᠵᠤ ᠠᠬᠤᠢ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠠ ᠭᠥᠩ ᠮᠠᠯ ᠪᠡᠯᠴᠢᠭᠡᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢ ᠲᠣᠭᠤᠷᠢᠨ ᠦᠵᠡᠪᠡ᠃ |