ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠡᠮ ᠤᠨ ᠶᠠᠪᠤᠳᠠᠯ ᠤᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/6/3
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠡᠮ ᠤᠨ ᠶᠠᠪᠤᠳᠠᠯ ᠤᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠵᠥᠪᠯᠡᠯ ᠤᠨ ᠶᠢᠨ ᡂᠢ ᠯᠢᠨ ᠳᠡᠳ᠋ ᠡᠷᠬᠢᠯᠡᠭᠴᠢ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠬᠤᠷᠠᠯ ᠳᠤ 2014 ᠣᠨ ᠤ ᠪᠦᠬᠦ ᠣᠷᠣᠨ ᠤ ᠡᠮ ᠤᠨ ᠶᠠᠪᠤᠳᠠᠯ ᠤᠨ ᠠᠵᠢᠯ ᠤᠨ ᠪᠠᠶᠢᠳᠠᠯ ᠢ ᠳ᠋ᠦᠩᠨᠡᠵᠦ᠂ 2015 ᠣᠨ ᠤ ᠪᠦᠬᠦ ᠣᠷᠣᠨ ᠤ ᠡᠮ ᠤᠨ ᠶᠠᠪᠤᠳᠠᠯ ᠤᠨ ᠠᠵᠢᠯ ᠢ ᠪᠠᠶᠢᠷᠢᠯᠠᠭᠤᠯᠵᠠᠢ᠃ ᠬᠤᠷᠠᠯ ᠨᠢ ᠮᠠᠨ ᠤ ᠣᠷᠣᠨ ᠤ ᠦᠷᠭᠦᠯᠵᠢ ᠬᠡᠷᠡᠭᠯᠡᠳᠡᠭ ᠬᠢᠮᠳᠠ ᠦᠨ᠎ᠡ ᠶᠢᠨ ᠡᠮ ᠪᠠ ᠥᠨᠳᠥᠷ ᠥᠷᠲᠡᠭᠲᠦ ᠡᠮᠨᠡᠯᠭᠡ ᠶᠢᠨ ᠬᠡᠷᠡᠭᠯᠡᠭᠡᠨ ᠤ ᠬᠤᠷᠣᠭᠳᠠᠯᠲᠤ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠬᠢᠴᠠ ᠶᠢᠨ ᠪᠠᠶᠢᠳᠠᠯ ᠢ ᠨᠡᠪᠲᠡᠷᠡᠭᠦᠯᠵᠦ᠂ ︽ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 7 ᠳ᠋ᠤᠭᠠᠷ ᠲᠤᠭᠠᠳᠤ︶ ᠪᠠ ᠪᠦᠬᠦ ᠤᠯᠤᠰ ᠤᠨ ᠡᠮ ᠤᠨ ᠶᠠᠪᠤᠳᠠᠯ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ 2015 ᠣᠨ ᠤ ᠡᠮ ᠤᠨ ᠶᠠᠪᠤᠳᠠᠯ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠵᠥᠪᠯᠡᠯ ᠤᠨ ᠡᠮ ᠤᠨ ᠶᠠᠪᠤᠳᠠᠯ ᠤᠨ ᠭᠠᠵᠠᠷ᠂ ᠪᠠᠶᠢᠭᠤᠯᠤᠯ ᠤᠨ ᠥᠭᠡᠷᠡᠴᠢᠯᠡᠯᠲᠡ ᠶᠢᠨ ᠭᠠᠵᠠᠷ᠂ ᠦᠨᠳᠦᠰᠦᠨ ᠱᠠᠲᠤᠨ ᠤ ᠭᠠᠵᠠᠷ᠂ ᠡᠮ ᠬᠤᠳᠠᠯᠳᠤᠨ ᠠᠪᠬᠤ ᠲᠥᠪ ᠤᠨ ᠬᠤᠯᠪᠣᠭᠳᠠᠯ ᠪᠦᠬᠦᠢ ᠠᠵᠢᠯᠲᠠᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠰᠢᠭᠤᠳ ᠬᠠᠷᠢᠶ᠎ᠠ ᠡᠮ ᠡᠮᠨᠡᠯᠭᠡ ᠶᠢᠨ ᠪᠠᠶᠢᠭᠤᠯᠤᠮᠵᠢ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠡᠯ᠎ᠡ ᠬᠠᠷᠢᠶᠠᠲᠤ ᠡᠮᠨᠡᠯᠭᠡ ᠶᠢᠨ ᠬᠤᠷᠢᠶᠠᠨ ᠤ ᠬᠤᠪᠢᠶᠠᠨ ᠬᠠᠮᠢᠶᠠᠷᠬᠤ ᠳᠠᠷᠤᠭ᠎ᠠ᠂ ᠡᠮ ᠨᠠᠶᠢᠷᠠᠯᠭ᠎ᠠ ᠶᠢᠨ ᠰᠠᠯᠠᠭ᠎ᠠ ᠪᠠ ᠪᠠᠭᠠᠵᠢ ᠬᠡᠷᠡᠭᠰᠡᠯ ᠤᠨ ᠰᠠᠯᠠᠭ᠎ᠠ ᠶᠢᠨ ᠡᠷᠬᠢᠯᠡᠭᠴᠢ ᠨᠠᠷ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠤᠶᠠᠷ ᠱᠠᠲᠤᠨ ᠤ ᠡᠮ ᠤᠨ ᠶᠠᠪᠤᠳᠠᠯ ᠤᠨ ᠰᠠᠯᠠᠭ᠎ᠠ᠂ ᠡᠮ ᠬᠤᠳᠠᠯᠳᠤᠨ ᠠᠪᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠪᠢᠶᠠᠨ ᠬᠠᠮᠢᠶᠠᠷᠬᠤ ᠳᠠᠷᠤᠭ᠎ᠠ᠂ ᠡᠮ ᠨᠠᠶᠢᠷᠠᠯᠭ᠎ᠠ ᠶᠢᠨ ᠰᠠᠯᠠᠭ᠎ᠠ ᠪᠠ ᠪᠠᠭᠠᠵᠢ ᠬᠡᠷᠡᠭᠰᠡᠯ ᠤᠨ ᠰᠠᠯᠠᠭ᠎ᠠ ᠶᠢᠨ ᠡᠷᠬᠢᠯᠡᠭᠴᠢ ᠨᠠᠷ ᠠᠶᠢᠮᠠᠭ ᠬᠤᠲᠠ ᠬᠤᠰᠢᠭᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号