ᠰᠢᠯᠢ ᠶᠢᠨ ᠭᠤᠣᠯ ᠠᠶᠢᠮᠠᠭ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠎ ᠲᠠᠢ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2015/6/3
     ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠦᠨᠳᠦᠰᠦᠲᠡᠨ ᠤ ᠰᠤᠷᠭᠠᠨ  ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ᠂ ᠰᠤᠷᠭᠠᠨ ᠬᠥᠮᠦᠵᠢᠯ ᠤᠨ ᠰᠠᠭᠤᠷᠢ ᠶᠢ ᠲᠠᠰᠤᠷᠠᠯᠲᠠ ᠦᠭᠡᠶ ᠪᠠᠬᠢᠵᠢᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠪᠠ᠃      ᠨᠢᠭᠡ ᠳᠤ ᠰᠤᠷᠭᠠᠨ ᠬᠥᠮᠦᠵᠢᠯ ᠤᠨ ᠣᠷᠣᠭᠤᠯᠤᠯᠲᠠ ᠶᠢ ᠲᠠᠰᠤᠷᠠᠯᠲᠠ ᠦᠭᠡᠶ ᠨᠡᠮᠡᠭᠳᠡᠭᠦᠯᠪᠡ᠃  ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠡᠨᠡ ᠵᠢᠯ ᠠᠴᠠ ᠡᠬᠢᠯᠡᠨ᠂ ᠠᠶᠢᠮᠠᠭ ᠱᠠᠲᠤᠨ ᠤ ᠡᠳ᠋ ᠤᠨ ᠵᠠᠰᠠᠭ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠨᠡᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠭᠠᠷᠳᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ   ᠳᠡᠭᠡᠭᠰᠢᠯᠡᠭᠦᠯᠪᠡ᠃ ᠦᠨᠳᠦᠰᠦᠲᠡᠨ ᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ 50%᠎ ᠪᠠᠷ ᠳᠡᠭᠡᠭᠰᠢᠯᠡᠭᠦᠯᠵᠦ᠂ ᠠᠶᠢᠮᠠᠭ᠂ ᠬᠤᠰᠢᠭᠤ ᠰᠢᠶᠠᠨ ᠲᠣᠭᠤᠷᠢᠭ ᠤᠨ ᠬᠤᠶᠠᠷ  ᠱᠠᠲᠤ 6 :4 ᠬᠠᠷᠢᠴᠠᠯ ᠢᠶᠠᠷ ᠡᠭᠦᠷᠭᠡᠯᠡᠵᠡᠢ᠃      ᠬᠤᠶᠠᠷ ᠲᠤ ᠦᠨᠳᠦᠰᠦᠲᠡᠨ ᠤ ᠰᠤᠷᠭᠠᠨ ᠬᠥᠮᠦᠵᠢᠯ ᠲᠡᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠪᠠ᠃  ᠪᠠᠯᠴᠢᠷ ᠬᠡᠦᠬᠡᠳ ᠠᠴᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯᠡᠬᠢ ︽ᠠᠷᠪᠠᠨ ᠲᠠᠪᠤᠨ ᠵᠢᠯ︾᠎ ᠳᠤ ᠰᠦᠢᠳᠬᠡᠯ ᠦᠯᠦ ᠦᠭᠡᠶ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂  ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠮᠠᠯᠵᠢᠬᠤ ᠶᠢ  ᠴᠠᠭᠠᠵᠠᠯᠠᠭᠰᠠᠨ ᠮᠠᠯᠵᠢᠬᠤ ᠣᠷᠣᠨ ᠤ ᠮᠠᠯᠴᠢᠳ ᠤᠨ ᠦᠷ᠎ᠡ ᠬᠡᠦᠭᠡᠳ ᠲᠤ ᠰᠤᠷᠤᠭᠴᠢ ᠪᠦᠷᠢ ᠵᠢᠯ ᠳᠤ 6000 ᠲᠥᠭᠦᠷᠢᠭ ᠤᠨ ᠨᠥᠬᠦᠪᠥᠷᠢ ᠥᠭᠴᠦ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠤᠷᠤᠭᠴᠢᠳ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠪᠠᠰᠣᠷᠠᠭᠤᠯᠤᠯ ᠢ ᠬᠦᠷᠲᠡᠬᠦ ᠳᠤ᠂  ᠰᠤᠷᠤᠯᠭ᠎ᠠ ᠶᠢᠨ ᠵᠠᠷᠣᠳᠠᠯ ᠢ ᠬᠡᠯᠲᠦᠷᠢᠭᠦᠯᠬᠦ᠂  ᠨᠣᠮ ᠪᠢᠴᠢᠭ ᠤᠨ ᠵᠠᠷᠤᠳᠠᠯ ᠢ ᠬᠡᠯᠲᠦᠷᠢᠭᠦᠯᠬᠦ᠂  ᠪᠠᠶᠢᠷᠢ ᠶᠢᠨ  ᠵᠠᠷᠤᠳᠠᠯ ᠢ ᠬᠡᠯᠲᠦᠷᠢᠭᠦᠯᠬᠦ᠂ ᠬᠤᠭᠤᠯᠠᠨ ᠤ ᠵᠠᠷᠤᠳᠠᠯ ᠢ ᠨᠥᠬᠦᠪᠦᠷᠢᠯᠡᠬᠦ ︽ᠭᠤᠷᠪᠠ ᠶᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠤᠷᠤᠭᠴᠢ ᠨᠢᠭᠡᠪᠦᠷᠢ ᠣᠨ ᠪᠦᠷᠢ 1500 ᠲᠥᠬᠦᠷᠢᠭ ᠤᠨ ᠨᠥᠬᠦᠪᠦᠷᠢ ᠣᠯᠭᠤᠵᠠᠢ᠃      ᠭᠤᠷᠪᠠ ᠳᠤ ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠪᠡ᠃ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠳᠠᠭᠠᠭᠤᠯᠤᠭᠴᠢ ᠪᠣᠯᠭᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠲᠦᠷᠭᠡᠳᠬᠡᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠭᠤ ᠪᠦᠬᠦ ᠠᠶᠢᠮᠠᠭ ᠤᠨ ᠠᠵᠤ ᠠᠬᠤᠶ  ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ ᠪᠠ ᠳᠠᠪᠠᠭᠤᠯᠢᠭ ᠤᠨᠴᠠᠯᠢᠭᠳᠤ ᠠᠵᠤ ᠦᠢᠯᠡᠰ ᠢ ᠬᠥᠭᠵᠢᠭᠦᠯᠬᠦ ᠬᠡᠷᠡᠭᠴᠡᠭᠡ ᠳᠤ ᠵᠣᠬᠢᠴᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠭᠦᠨᠵᠡᠭᠡᠶ ᠤᠶᠠᠯᠳᠤᠭᠰᠠᠨ᠂ ᠳᠤᠮᠳᠠ ᠳᠡᠭᠡᠳᠦ ᠵᠡᠷᠭᠡ ᠶᠢᠨ  ᠠᠵᠢᠯ ᠮᠡᠷᠭᠡᠵᠢᠯ  ᠬᠠᠷᠢᠯᠴᠠᠨ ᠠᠪᠤᠴᠠᠯᠳᠤᠭᠰᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠪᠣᠯᠪᠠᠰᠣᠷᠠᠭᠤᠯᠤᠯ ᠬᠠᠷᠢᠯᠴᠠᠨ ᠨᠥᠬᠦᠪᠦᠷᠢᠯᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠥᠷᠭᠡᠳᠬᠡᠨ ᠪᠠᠶᠢᠭᠤᠯᠪᠠ᠃ ᠣᠳᠣᠬᠠᠨ ᠳᠤ᠂ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠭ᠎ᠠ 1.2 ᠲᠦᠮᠡᠨ ᠳᠤ ᠬᠦᠷᠴᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号