ᠲᠦᠩᠯᠢᠶᠣᠤ ᠬᠤᠲᠠ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ | ᠡᠷᠡᠰ ᠭᠤᠶᠢᠪᠢᠰᠢ ᠦᠭᠡᠶ ᠲᠦᠷᠭᠡᠳᠬᠡᠨ ᠬᠤᠪᠢᠷᠠᠭᠤᠯᠤᠭᠠᠳ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠶᠢᠨ | ᠬᠤᠪᠢᠷᠠᠭᠤᠯᠤᠯᠲᠠ ᠨᠢ ᠨᠢᠭᠡᠨᠲᠡ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠵᠤ᠂ ᠮᠠᠯ ᠠᠵᠤ ᠠᠬᠤᠶ ᠨᠢ ᠮᠠᠯ | ᠠᠵᠤ ᠠᠬᠤᠶ ᠶᠢᠨ ᠦᠢᠯᠡᠳᠪᠦᠷᠢᠯᠡᠯ᠂ ᠮᠢᠬᠠᠨ ᠤ ᠵᠦᠢᠯ ᠤᠨ ᠶᠡᠷᠦᠩᠬᠡᠶ ᠭᠠᠷᠤᠯᠲᠠ᠂ ᠭᠡᠷ ᠤᠨ ᠵᠢᠭᠦᠷᠲᠡᠨ ᠤ | ᠦᠢᠯᠡᠳᠪᠦᠷᠢᠯᠡᠯ ︽ᠭᠤᠷᠪᠠᠨ ᠲᠣᠭᠲᠠᠭᠤᠨ︾ ᠦᠰᠦᠯᠲᠡ ᠶᠢ ᠪᠡᠶᠡᠯᠡᠭᠦᠯᠵᠦ᠂ ᠮᠠᠯ ᠠᠵᠤ ᠠᠬᠤᠶ ᠨᠢ ᠪᠦᠳᠦᠭᠦᠯᠢᠭ | ᠬᠡᠯᠪᠡᠷᠢ ᠠᠴᠠ ᠪᠠᠨ ᠴᠢᠨᠠᠷ ᠰᠠᠶᠢᠲᠠᠢ ᠦᠷ᠎ᠡ ᠠᠰᠢᠭ ᠲᠠᠢ ᠬᠡᠯᠪᠡᠷᠢ ᠵᠦᠭ ᠢᠳᠡᠭ ᠢᠳᠡᠭ ᠢᠶᠠᠷ ᠤᠯᠠᠷᠢᠨ ᠬᠤᠪᠢᠷᠠᠪᠠ᠃ | 2014 ᠣᠨ ᠤ ᠮᠠᠯ ᠠᠵᠤ ᠠᠬᠤᠶ ᠶᠢᠨ ᠣᠨ ᠤ ᠪᠦᠷᠢᠳᠬᠡᠯ ᠳᠤ᠂ ᠲᠦᠩᠯᠢᠶᠣᠤ ᠬᠤᠲᠠ ᠶᠢᠨ ᠭᠡᠷ ᠤᠨ | ᠲᠡᠵᠢᠭᠡᠪᠦᠷᠢ 1119.44 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.7% ᠨᠡᠮᠡᠭᠳᠡᠵᠦ᠂ ᠭᠡᠷ ᠤᠨ | ᠲᠡᠵᠢᠭᠡᠪᠦᠷᠢ ᠶᠢᠨ ᠭᠠᠷᠭᠠᠯᠲᠠ ᠨᠢ 847.8 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ1.3% | ᠨᠡᠮᠡᠭᠳᠡᠵᠡᠢ᠂ ᠡᠭᠦᠨ ᠳᠤ ᠦᠬᠡᠷ ᠤᠨ ᠭᠠᠷᠭᠠᠯᠲᠠ ᠨᠢ 71.3 ᠲᠦᠮᠡ᠂ ᠬᠤᠨᠢᠨ ᠤ ᠭᠠᠷᠭᠠᠯᠲᠠ 428.7 ᠲᠦᠮᠡ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 2.7%᠂ 2.2% ᠨᠡᠮᠡᠭᠳᠡᠵᠦ ᠂ ᠭᠠᠭ᠋ᠠᠶ ᠶᠢᠨ | ᠭᠠᠷᠭᠠᠯᠲᠠ 327.0 ᠲᠦᠮᠡ ᠪᠠᠶᠢᠵᠤ᠂ ᠳᠡᠭᠡᠷ᠎ᠡ ᠵᠢᠯ ᠤᠨ ᠬᠢ ᠪᠠᠨ ᠲᠡᠩᠴᠡᠵᠦ᠂ ᠲᠦᠩᠯᠢᠶᠤᠤ ᠬᠤᠳᠠ ᠶᠢᠨ ᠮᠠᠯ | ᠠᠵᠤ ᠠᠬᠤᠶ ᠶᠢᠨ ᠦᠢᠯᠡᠳᠪᠦᠷᠢᠯᠡᠯ ᠨᠢ ᠲᠣᠭᠲᠠᠭᠤᠨ ᠨᠡᠮᠡᠭᠳᠡᠯ ᠢ ᠪᠡᠶᠡᠯᠡᠭᠦᠯᠵᠡᠢ︔ ᠲᠦᠩᠯᠢᠶᠣᠤ ᠬᠤᠲᠠ ᠶᠢᠨ ᠪᠦᠬᠦ | ᠵᠢᠯ ᠤᠨ ᠮᠢᠬᠠᠨ ᠤ ᠵᠦᠢᠯ ᠤᠨ ᠶᠡᠷᠦᠩᠬᠡᠶ ᠭᠠᠷᠤᠯᠲᠠ ᠨᠢ 51.6 ᠲᠦᠮᠡᠨ ᠲᠣᠨ ᠪᠤᠯᠵᠤ᠂ ᠠᠳᠠᠯᠢ | ᠬᠤᠭᠤᠴᠠᠭᠠᠨ ᠤ ᠬᠢ ᠠᠴᠠ1.6% ᠨᠡᠮᠡᠭᠳᠡᠵᠡᠢ᠂ ᠡᠭᠦᠨ ᠳᠤ ᠦᠬᠡᠷ ᠤᠨ ᠮᠢᠬ᠎ᠠ 10.5 ᠲᠦᠮᠡᠨ ᠲᠣᠨ᠂ ᠬᠤᠨᠢᠨ | ᠮᠢᠬ᠎ᠠ 7.1 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 4%᠂ 4.4% | ᠨᠡᠮᠡᠭᠳᠡᠵᠦ᠂ ᠮᠢᠬᠠᠨ ᠵᠦᠢᠯ ᠤᠨ ᠪᠦᠬᠦ ᠭᠠᠷᠤᠯᠲᠠ ᠨᠢ ᠲᠣᠭᠲᠠᠭᠤᠨ ᠨᠡᠮᠡᠭᠳᠡᠯ ᠢ ᠪᠡᠶᠡᠯᠡᠭᠦᠯᠵᠡᠢ︔ ᠲᠦᠩᠯᠢᠶᠣᠤ | ᠬᠤᠲᠠ ᠳᠤ ᠭᠡᠷ ᠤᠨ ᠵᠢᠭᠦᠷᠲᠡᠨ 981.1 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.9% | ᠨᠡᠮᠡᠭᠳᠡᠵᠦ᠂ ᠨᠡᠶᠢᠲᠡ 2432.9 ᠲᠦᠮᠡ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 1.4% ᠨᠡᠮᠡᠭᠳᠡᠵᠦ᠂ | ᠭᠡᠷ ᠤᠨ ᠵᠢᠭᠦᠷᠲᠡᠨ ᠤ ᠦᠢᠯᠡᠳᠪᠦᠷᠢᠯᠡᠯ ᠨᠢ ᠲᠣᠭᠲᠠᠭᠤᠨ ᠨᠡᠮᠡᠭᠳᠡᠯ ᠢ ᠪᠡᠶᠡᠯᠡᠭᠦᠯᠵᠡᠢ᠃ |