ᠲᠦᠩᠯᠢᠶᠣᠣ ᠬᠤᠲᠠ ᠡᠨᠡ ᠵᠢᠯ 30 ᠲᠦᠮᠡᠨ ᠮᠦ ᠭᠠᠵᠠᠷ ᠢ ᠲᠠᠷᠢᠶᠠᠯᠠᠬᠤ ᠪᠠᠨ ᠪᠣᠯᠢᠵᠤ ᠣᠶᠢᠵᠢᠭᠤᠯᠬᠤ ᠪᠠᠷ ᠲᠥᠯᠥᠪᠯᠡᠵᠦ ᠪᠣᠢ
ᠨᠡᠶᠢᠲᠡᠯᠡᠭᠰᠡᠨ ᠴᠠᠭ᠄
2015/6/4
     ᠲᠦᠩᠯᠢᠶᠣᠣ ᠬᠤᠲᠠ ᠶᠢᠨ ᠡᠨᠡ ᠵᠢᠯ ᠤᠨ 30 ᠲᠦᠮᠡᠨ ᠮᠦ ᠭᠠᠵᠠᠷ ᠤᠨ ᠲᠠᠷᠢᠶᠠᠯᠠᠬᠤ ᠪᠠᠨ ᠪᠣᠯᠢᠵᠤ ᠣᠶᠢᠵᠢᠭᠤᠯᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠪᠡᠯᠡᠳᠬᠡᠯ ᠤᠨ ᠠᠵᠢᠯ ᠤᠷᠤᠭᠰᠢᠲᠠᠢ ᠶᠠᠪᠤᠭᠳᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠯᠡᠭᠰᠡᠨ 7 ᠬᠤᠰᠢᠭᠤ ᠰᠢᠶᠠᠨ ᠲᠣᠭᠤᠷᠢᠭ ᠪᠦᠬᠦᠨ ᠢᠶᠠᠷ ᠢᠶᠠᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠬᠠᠷᠢᠴᠠᠭᠤᠯᠭ᠎ᠠ ᠶᠢᠨ ᠪᠢᠴᠢᠭ ᠪᠠ ᠭᠡᠷ᠎ᠡ ᠲᠣᠭᠲᠠᠬᠤ ᠂ ᠬᠡᠭᠡᠷ᠎ᠡ ᠭᠠᠳᠠᠨ᠎ᠠ ᠬᠡᠮᠵᠢᠯᠲᠡ ᠬᠢᠬᠦ᠂ ᠠᠵᠢᠯᠯᠠᠭᠤᠯᠬᠤ ᠵᠢᠷᠤᠭ ᠲᠥᠯᠥᠪᠯᠡᠭᠡ ᠨᠠᠶᠢᠷᠠᠭᠤᠯᠤᠨ ᠵᠣᠬᠢᠶᠠᠬᠤ ᠪᠠ ᠣᠶᠢᠵᠢᠭᠤᠯᠬᠤ ᠠᠬᠢᠴᠠ ᠵᠡᠷᠭᠡ ᠳᠤ ᠪᠤᠲᠠᠲᠠᠢ ᠲᠣᠬᠢᠷᠠᠭᠤᠯᠤᠯᠲᠠ ᠬᠢᠭᠰᠡᠨ ᠪᠠᠶᠢᠨ᠎ᠠ᠃ ᠲᠤᠰ ᠢᠨᠵᠧᠨᠧᠷᠢᠩ ᠠᠮᠢ ᠠᠬᠤᠢ ᠶᠢ ᠰᠠᠶᠢᠵᠢᠷᠠᠭᠤᠯᠬᠤ᠂ ᠦᠢᠯᠡᠳᠪᠦᠷᠢᠯᠡᠯ ᠢᠶᠠᠨ ᠬᠥᠭᠵᠢᠭᠦᠯᠬᠦ᠂ ᠠᠮᠢᠳᠤᠷᠠᠯ ᠢᠶᠠᠨ ᠪᠠᠶᠠᠨ ᠴᠢᠨᠡᠭᠡᠯᠢᠭ ᠪᠣᠯᠭᠠᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠨ᠂ ᠠᠮᠢ ᠠᠬᠤᠢ ᠶᠢᠨ ᠣᠢ᠂ ᠠᠵᠤ ᠠᠬᠤᠢ ᠶᠢᠨ ᠣᠢ ᠶᠢᠨ ᠪᠠᠶᠢᠷᠢᠰᠢᠭᠤᠯᠤᠯ ᠢ ᠵᠦᠢ ᠵᠣᠬᠢᠰᠲᠠᠢ ᠲᠥᠯᠥᠪᠵᠢᠭᠦᠯᠵᠦ᠂ 25.8 ᠲᠦᠮᠡᠨ ᠮᠦ ᠤᠯᠢᠶᠠᠰᠤ᠂ ᠵᠢᠭᠠᠷᠲᠤ ᠮᠣᠳᠣ᠂ ᠬᠠᠷᠠᠭᠠᠨ᠎ᠠ ᠪᠠᠷ ᠭᠤᠣᠯ ᠪᠣᠯᠭᠠᠭᠰᠠᠨ ᠠᠮᠢ ᠠᠬᠤᠢ ᠶᠢᠨ ᠣᠢ᠂ 4.2 ᠲᠦᠮᠡᠨ ᠮᠦ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ 123 ᠠᠯᠮᠤᠷᠠᠳ ᠢᠶᠠᠷ ᠭᠤᠣᠯ ᠪᠣᠯᠭᠠᠭᠰᠠᠨ ᠠᠵᠤ ᠠᠬᠤᠢ ᠶᠢᠨ ᠣᠢ ᠶᠢ ᠣᠶᠢᠵᠢᠭᠤᠯᠬᠤ ᠪᠠᠷ ᠲᠥᠯᠥᠪᠯᠡᠪᠡ᠃ ᠡᠭᠦᠨ ᠤ ᠬᠠᠮᠲᠤ᠂ ᠶᠡᠷᠦᠩᠬᠡᠶᠢᠯᠡᠨ ᠵᠠᠰᠠᠬᠤ᠂ ᠰᠣᠳᠣᠨ ᠵᠦᠢᠯ ᠦᠢᠯᠡᠳᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠮᠢᠩᠭᠠᠨ ᠮᠦ ᠠᠴᠠ ᠳᠡᠭᠡᠭᠰᠢ ᠵᠢᠱᠢᠶ᠎ᠡ ᠦᠵᠡᠭᠦᠯᠬᠦ ᠲᠣᠭᠤᠷᠢᠭ 4᠂ ᠲᠦᠮᠡᠨ ᠮᠦ ᠶᠢᠨ ᠰᠢᠳ ᠤᠨ ᠠᠵᠤ ᠠᠬᠤᠢ ᠶᠢᠨ ᠣᠢ ᠶᠢᠨ ᠵᠢᠱᠢᠶ᠎ᠡ ᠦᠵᠡᠭᠦᠯᠬᠦ ᠲᠣᠭᠤᠷᠢᠭ 1᠎ ᠶᠢ ᠪᠠᠶᠢᠭᠤᠯᠬᠤ ᠪᠠᠷ ᠲᠥᠯᠥᠪᠯᠡᠵᠦ᠂ ᠨᠡᠶᠢᠲᠡᠯᠢᠭ ᠵᠢᠱᠢᠶ᠎ᠠ ᠪᠠᠷ ᠳᠠᠶᠢᠴᠢᠯᠠᠬᠤ ᠨᠥᠯᠥᠭᠡᠯᠡᠯ ᠢ ᠭᠦᠢᠴᠡᠳ ᠪᠠᠳᠠᠷᠠᠭᠤᠯᠬᠤ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号