ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/6/5
     6 ᠳ᠋ᠤᠭᠠᠷ ᠰᠠᠷ᠎ᠠ ᠶᠢᠨ 4᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠪᠦᠬᠦ ᠤᠷᠤᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠧᠢᠰ ᠤᠳᠠᠰᠤ ᠬᠤᠷᠠᠯ ᠢ ᠬᠤᠷᠠᠯᠳᠤᠭᠤᠯᠵᠤ᠂ ᠡᠨᠡ ᠵᠢᠯ ᠤᠨ ᠦᠶᠡᠷ ᠤᠨ ᠬᠤᠭᠤᠴᠠᠭᠠᠨ ᠤ ᠴᠠᠬ ᠠᠭᠤᠷ ᠤᠨ ᠪᠠᠶᠢᠳᠠᠯ ᠳᠤ ᠤᠷᠢᠳᠴᠢᠯᠡᠬᠰᠠᠨ ᠵᠠᠳᠠᠯᠤᠯᠳᠠ ᠬᠢᠵᠦ᠂ ᠤᠳᠤᠬᠠᠨ ᠤ ᠪᠦᠬᠦ ᠤᠷᠤᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠠᠮᠡᠴᠡᠬᠦ ᠪᠠᠶᠢᠳᠠᠯ ᠵᠢᠴᠢ ᠪᠡᠯᠡᠳᠬᠡᠯ ᠠᠵᠢᠯ ᠤᠨ ᠲᠤᠬᠠᠢ ᠵᠠᠳᠠᠯᠵᠦ᠂ ᠮᠠᠨ ᠤ ᠤᠷᠤᠨ ᠤ ᠡᠨᠡ ᠵᠢᠯ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠬᠰᠠᠨ ᠪᠠᠶᠢᠨ᠎ᠠ᠃      ᠦᠪᠡᠷᠲᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠬᠤᠷᠠᠯ ᠠᠴᠠ ᠱᠠᠭᠠᠷᠳᠠᠬᠰᠠᠨ ᠨᠢ᠂ ᠨᠢᠬᠡ ᠳᠤ᠂ ᠤᠷᠤᠨ ᠲᠠᠶᠠᠭᠠᠷ ᠡᠷᠬᠡᠪᠰᠢ ᠶᠡᠭᠡ ᠦᠶᠡᠷ ᠢ ᠰᠡᠷᠭᠡᠶᠢᠯᠡᠬᠦ᠂ ᠶᠡᠭᠡ ᠲᠦᠭᠰᠢᠬᠦᠷᠢ ᠶᠢ ᠠᠷᠢᠯᠭᠠᠬᠤ᠂ ᠶᠡᠭᠡ ᠭᠠᠮᠰᠢᠬ ᠠᠴᠠ ᠠᠪᠤᠷᠠᠬᠤ ᠦᠵᠡᠯ ᠰᠠᠨᠠᠭ᠎ᠠ ᠶᠢ ᠪᠤᠢ ᠪᠤᠯᠭᠠᠵᠦ᠂ ᠬᠦᠴᠢᠷᠲᠡᠯ ᠪᠠ ᠠᠰᠠᠭᠤᠳᠠᠯ ᠢ ᠨᠡᠩ ᠬᠦᠢᠴᠡᠳ ᠵᠢᠱᠢᠨ᠂ ᠠᠷᠭ᠎ᠠ ᠬᠡᠮᠵᠢᠶ᠎ᠠ ᠪᠠ ᠲᠦᠰᠦᠯ ᠢᠶᠠᠨ ᠨᠡᠩ ᠪᠦᠷᠢᠨ ᠲᠤᠭᠲᠠᠭᠠᠵᠦ᠂ ᠡᠯ᠎ᠠ ᠲᠦᠷᠦᠯ ᠤᠨ ᠠᠵᠢᠯ ᠢᠶᠠᠨ ᠨᠡᠩ ᠯᠠᠪᠳᠠᠭᠤᠨ ᠪᠠᠳᠤᠳᠠᠢ ᠬᠢᠵᠦ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠠᠮᠡᠴᠡᠬᠦ ᠠᠵᠢᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠬᠦ ᠬᠡᠷᠡᠭᠳᠡᠢ᠃ ᠬᠤᠶᠠᠷ ᠲᠤ᠂ ᠡᠨᠡ ᠵᠢᠯ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠠᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠬᠦ ᠬᠡᠷᠡᠭᠳᠡᠢ᠃ 6 ᠳ᠋ᠤᠭᠠᠷ ᠰᠠᠷ᠎ᠠ ᠶᠢᠨ ᠲᠤᠮᠳᠠᠴᠢ ᠠᠴᠠ 8 ᠳ᠋ᠤᠭᠠᠷ ᠰᠠᠷ᠎ᠠ ᠶᠢᠨ ᠰᠡᠬᠦᠯᠴᠢ ᠪᠤᠯᠳᠠᠯᠠᠬᠢ ᠬᠤᠭᠤᠴᠠᠭ᠎ᠠ ᠪᠤᠯ ᠮᠠᠨ ᠤ ᠤᠷᠤᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠠᠮᠡᠴᠡᠬᠦ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠡᠯ᠎ᠠ ᠭᠠᠵᠠᠷ᠂ ᠡᠯ᠎ᠠ ᠰᠠᠯᠠᠭ᠎ᠠ ᠮᠦᠴᠢᠷ ᠤᠨ ᠬᠢᠨ ᠡᠷᠭᠡᠪᠰᠢ ᠤᠳᠤ ᠠᠴᠠ ᠡᠬᠢᠯᠡᠨ ︽ᠲᠠᠪᠤ ᠶᠢ ᠪᠠᠲᠤᠯᠠᠬᠤ︾ ᠲᠤᠭᠤᠷᠢᠨ ᠳᠤ ᠨᠠᠷᠢᠨ ᠨᠢᠬᠳᠠ ᠵᠤᠬᠢᠶᠠᠨ ᠪᠠᠶᠢᠭᠤᠯᠵᠦ᠂ ᠨᠠᠷᠢᠯᠢᠭ ᠪᠠᠶᠢᠷᠢᠯᠠᠭᠤᠯᠤᠨ᠂ ᠡᠯ᠎ᠠ ᠲᠦᠷᠦᠯ ᠤᠨ ᠠᠷᠭᠠᠴᠠᠬᠤ ᠠᠵᠢᠯ ᠢ ᠪᠦᠬᠦ ᠬᠦᠴᠦᠨ ᠢᠶᠠᠷ ᠢᠶᠠᠨ  ᠰᠠᠶᠢᠳᠤᠷ ᠬᠢᠬᠦ ᠬᠡᠷᠡᠭᠳᠡᠢ᠃ ᠭᠠᠮᠰᠢᠬ ᠢ ᠰᠡᠷᠭᠡᠶᠢᠯᠡᠨ ᠭᠠᠮᠰᠢᠬ ᠠᠴᠠ ᠠᠪᠤᠷᠠᠬᠤ ᠪᠡᠯᠡᠳᠬᠡᠯ ᠠᠵᠢᠯ ᠢ ᠡᠷᠳᠡ ᠠᠴᠠ ᠰᠠᠶᠢᠳᠤᠷ ᠬᠢᠵᠦ᠂ ᠮᠦᠷᠡᠨ ᠭᠤᠤᠯ ᠪᠠ ᠤᠰᠤᠨ ᠴᠦᠬᠦᠷᠦᠮ ᠵᠡᠷᠬᠡ ᠭᠤᠤᠯᠳᠠᠯᠭ᠎ᠠ ᠲᠠᠢ ᠬᠡᠰᠡᠭ ᠤᠨ ᠦᠶᠡᠷ ᠢ ᠰᠡᠷᠭᠡᠶᠢᠯᠡᠬᠦ ᠠᠵᠢᠯ ᠢ ᠰᠠᠶᠢᠳᠤᠷ ᠠᠳᠬᠤᠨ᠂ ᠭᠠᠩ ᠬᠠᠭᠰᠠᠷᠠᠭᠠᠨ ᠲᠠᠢ ᠲᠡᠮᠡᠴᠡᠨ ᠭᠠᠮᠰᠢᠭ ᠤᠨ ᠬᠤᠬᠢᠷᠠᠯ ᠢ ᠪᠠᠭᠠᠰᠬᠠᠬᠤ ᠡᠯ᠎ᠠ ᠲᠦᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠡᠢ᠃ ᠭᠤᠷᠪᠠ ᠳᠤ᠂ ᠦᠶᠡᠷ ᠢ ᠰᠡᠷᠭᠡᠶᠢᠯᠡᠨ ᠬᠠᠭᠰᠠᠷᠠᠭᠠᠨ ᠲᠠᠢ ᠲᠠᠮᠡᠴᠡᠬᠦ ᠠᠵᠢᠯ ᠢ ᠵᠤᠬᠢᠶᠠᠨ ᠪᠠᠶᠢᠭᠤᠯᠵᠦ ᠤᠳᠤᠷᠢᠳᠬᠤ ᠡᠷᠴᠢᠮ ᠢᠶᠠᠨ ᠦᠨᠡᠨᠬᠦ ᠴᠢᠩᠭᠠᠷᠠᠭᠤᠯᠬᠤ ᠬᠡᠷᠡᠭᠳᠡᠢ᠃ ᠡᠯ᠎ᠠ ᠭᠠᠵᠠᠷ ᠤᠷᠤᠨ ᠡᠷᠭᠡᠪᠰᠢ ᠦᠶᠡᠷ ᠢ ᠰᠡᠷᠭᠡᠶᠢᠯᠡᠨ ᠬᠠᠭᠰᠠᠷᠠᠭᠠᠨ ᠲᠠᠢ ᠲᠠᠮᠡᠴᠡᠬᠦ ᠠᠵᠢᠯ ᠢ ᠦᠨᠳᠦᠷ ᠪᠠᠷᠢᠮᠵᠢᠶ᠎ᠠ ᠪᠠᠷ ᠱᠠᠭᠠᠷᠳᠠᠨ᠂ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠠᠵᠢᠯ ᠤᠨ ᠲᠠᠯ᠎ᠠ ᠪᠠᠷ ᠵᠢᠭᠠᠬᠠᠨ ᠴᠤ ᠤᠰᠤᠯ ᠠᠳᠡᠯ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号