ᠣᠷᠳᠣᠰ ᠬᠤᠲᠠ ᠳᠠᠬᠢ ᠪᠡᠭᠡᠵᠢᠩ ᠲᠢᠶᠠᠨᠵᠢᠨ ᠤ ᠡᠷᠬᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠠᠯᠭᠠᠪᠡᠷ ᠪᠦᠲᠦᠭᠡᠨ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2015/7/1
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠨᠡ ᠵᠢᠯ ᠤᠨ 3 ᠳ᠋ᠤᠭᠠᠷ ᠰᠠᠷ᠎ᠠ ᠶᠢᠨ 4᠎ ᠤ ᠡᠳᠦᠷ ᠣᠷᠳᠣᠰ ᠬᠤᠲᠠ ᠶᠢᠨ  2014 ᠣᠨ ᠤ ᠪᠡᠭᠡᠵᠢᠩ ᠲᠢᠶᠠᠨᠵᠢᠨ ᠤ ᠡᠷᠬᠢᠨ ᠲᠣᠭᠤᠷᠢᠨ ᠤ ᠰᠠᠯᠬᠢ ᠡᠯᠡᠰᠦᠨ ᠤ ᠡᠬᠢ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ  ᠢ ᠴᠤᠬᠤᠯᠠᠪᠤᠷᠢᠯᠠᠨ ᠬᠠᠷᠢᠭᠤᠯᠤᠭᠰᠠᠨ ᠪᠠᠶᠢᠨ᠎ᠠ᠃ ᠣᠳᠣᠬᠠᠨ ᠳᠤ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠠᠯ᠎ᠠ ᠪᠠᠷ ᠤᠲᠤᠭ ᠤᠨ ᠡᠮᠦᠨᠡᠲᠦ ᠬᠤᠰᠢᠭᠤ ᠪᠣᠯᠤᠨ ᠬᠠᠩᠭᠢᠨ ᠬᠤᠰᠢᠭᠤᠨ ᠤ ᠠᠵᠢᠯᠯᠠᠬᠤ ᠵᠢᠷᠤᠭ ᠲᠥᠯᠥᠪᠯᠡᠭᠡ ᠶᠢᠨ ᠴᠤᠬᠤᠯᠠᠪᠤᠷᠢᠯᠠᠭᠤᠯᠬᠤ ᠶᠢ ᠬᠦᠯᠢᠶᠡᠵᠦ ᠪᠠᠶᠢᠬᠤ ᠶᠢ ᠭᠠᠷᠭᠠᠪᠠᠯ᠂ ᠪᠤᠰᠤᠳ ᠬᠤᠰᠢᠭᠤ ᠲᠣᠭᠤᠷᠢᠭ ᠤᠨ ᠠᠵᠢᠯᠯᠠᠬᠤ ᠵᠢᠷᠤᠭ ᠲᠥᠯᠥᠪᠯᠡᠭᠡ ᠶᠢ ᠨᠢᠭᠡᠨᠲᠡ ᠴᠣᠬᠤᠯᠠᠪᠤᠷᠢᠯᠠᠭᠠᠳ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠡᠬᠢᠯᠡᠭᠦᠯᠬᠦ ᠠᠴᠠ ᠡᠮᠦᠨᠡᠬᠢ ᠪᠡᠯᠡᠳᠬᠡᠯ ᠠᠵᠢᠯ ᠢ ᠬᠢᠵᠦ ᠪᠠᠶᠢᠨ᠎ᠠ᠃  ᠬᠦᠷᠦᠰᠦ ᠰᠢᠷᠤᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ᠂ ᠬᠠᠩᠭᠢᠨ ᠬᠤᠰᠢᠭᠤᠨ ᠤ ᠠᠵᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠴᠣᠬᠤᠯᠠᠪᠤᠷᠢᠯᠠᠭᠠᠳᠣᠢ  ᠪᠠᠶᠢᠬᠤ ᠶᠢ ᠭᠠᠷᠭᠠᠪᠠᠯ᠂ ᠪᠤᠰᠤᠳ ᠬᠤᠰᠢᠭᠤ ᠲᠣᠭᠤᠷᠢᠭ ᠤᠨ ᠠᠵᠢᠯᠯᠠᠬᠤ ᠵᠢᠷᠤᠭ ᠲᠥᠯᠥᠪᠯᠡᠭᠡ ᠶᠢ ᠨᠢᠭᠡᠨᠲᠡ ᠴᠣᠬᠤᠯᠠᠪᠤᠷᠢᠯᠠᠭᠠᠳ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠡᠬᠢᠯᠡᠭᠦᠯᠬᠦ ᠠᠴᠠ ᠡᠮᠦᠨᠡᠬᠢ ᠪᠡᠯᠡᠳᠬᠡᠯ ᠠᠵᠢᠯ ᠢ ᠬᠢᠵᠦ ᠪᠠᠶᠢᠨ᠎ᠠ᠃ ᠣᠶ ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ᠂ ᠪᠦᠬᠦ ᠬᠤᠲᠠ ᠪᠠᠷ ᠢᠶᠠᠨ ᠬᠥᠮᠦᠨ ᠤ ᠬᠦᠴᠦ ᠪᠠᠷ ᠣᠶᠢᠵᠢᠭᠤᠯᠬᠤ ᠲᠠᠯᠠᠪᠠᠶ ᠶᠢ 8.52 ᠲᠦᠮᠡᠨ ᠮᠥ ︵ᠡᠭᠦᠨ ᠳᠤ ᠲᠤᠷᠤᠭ ᠮᠣᠳᠣᠨ ᠤ 3.55 ᠲᠦᠮᠡᠨ ᠮᠥ  ᠂ ᠪᠣᠳᠠ ᠮᠣᠳᠣᠨ ᠤ 4.97 ᠲᠦᠮᠡᠨ ᠮᠥ ᠪᠣᠢ︶ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 95% ᠪᠣᠯᠣᠨ᠎ᠠ︔ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠲᠠᠯᠠᠪᠠᠶ ᠶᠢ 2 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 19% ᠪᠣᠯᠣᠨ᠎ᠠ︔  ᠢᠨᠵᠧᠨᠧᠷᠢᠩ ᠢᠶᠠᠷ ᠡᠯᠡᠰᠦ ᠲᠣᠭᠲᠠᠪᠤᠷᠢᠵᠢᠭᠤᠯᠬᠤ ᠶᠢ 1.3 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 65% ᠪᠣᠯᠣᠨ᠎ᠠ︔ 345 ᠬᠥᠮᠦᠨ ᠢ ᠣᠨᠳᠣᠣ ᠭᠠᠵᠠᠷ ᠨᠡᠭᠦᠯᠭᠡᠬᠦ ᠶᠢ ᠪᠡᠶᠡᠯᠡᠭᠦᠯᠵᠦ  ᠂ ᠡᠨᠡ ᠨᠢ ᠲᠥᠯᠥᠪᠯᠡᠭᠡᠨ ᠤ ᠡᠭᠦᠷᠭᠡ ᠶᠢᠨ42.5% ᠪᠣᠯᠣᠨ᠎ᠠ  ᠃      ᠡᠨᠡ ᠵᠢᠯ ᠤᠨ 6 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠣᠷᠳᠣᠰ ᠬᠤᠲᠠ ᠶᠢᠨ 2013 ᠣᠨ ᠤ ᠪᠡᠭᠡᠵᠢᠩ ᠲᠢᠶᠠᠨᠵᠢᠨ ᠤ ᠡᠷᠬᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠤᠷᠤᠭᠰᠢᠲᠠᠶ ᠠᠬᠢᠵᠤ ᠪᠠᠶᠢᠨ᠎ᠠ᠃ ᠪᠦᠬᠦ ᠬᠤᠲᠠ ᠪᠠᠷ ᠢᠶᠠᠨ ᠬᠥᠮᠦᠨ ᠤ ᠬᠦᠴᠦ ᠪᠠᠷ ᠣᠶᠢᠵᠢᠭᠤᠯᠬᠤ ᠲᠠᠯᠠᠪᠠᠢ ᠶᠢ 19.56 ᠲᠦᠮᠡᠨ ᠮᠥ ᠪᠡᠶᠡᠯᠡᠭᠦᠯᠵᠦ ︵ᠡᠭᠦᠨ ᠎ ᠳᠤ ᠲᠤᠷᠤᠭ ᠮᠣᠳᠣᠨ ᠤ 8.22 ᠲᠦᠮᠡᠨ ᠮᠥ᠂ ᠪᠣᠳᠠ ᠮᠣᠳᠣᠨ ᠤ 11.34 ᠲᠦᠮᠡᠨ ᠮᠥ ᠪᠤᠢ︶᠂  ᠡᠨᠡ ᠨᠢ ᠲᠥᠯᠥᠪᠯᠡᠭᠡᠨ ᠤ ᠡᠭᠦᠷᠭᠡ ᠶᠢᠨ 94.27% ᠪᠣᠯᠣᠨ᠎ᠠ︔ ᠨᠢᠰᠬᠡᠯ ᠢᠶᠠᠷ ᠣᠶᠢᠵᠢᠭᠤᠯᠬᠤ ᠶᠢ 9 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 100 % ᠪᠣᠯᠣᠨ᠎ᠠ︔ ᠠᠭᠤᠯᠠ ︵ᠡᠯᠡᠰᠦ︶᠎ ᠶᠢ ᠪᠢᠲᠡᠭᠦᠮᠵᠢᠯᠡᠨ ᠣᠶᠢᠵᠢᠭᠤᠯᠬᠤ ︵ᠡᠪᠡᠰᠦ︶᠎ ᠶᠢ 8 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 100% ᠪᠣᠯᠣᠨ᠎ᠠ︔  ᠢᠨᠵᠧᠨᠧᠷᠢᠩ ᠤᠨ ᠡᠯᠡᠰᠦ ᠲᠣᠭᠲᠠᠪᠤᠷᠢᠵᠢᠭᠤᠯᠬᠤ ᠶᠢ 1.45 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 90.63% ᠪᠣᠯᠣᠨ᠎ᠠ︔ ᠤᠰᠤᠨ ᠤ ᠰᠤᠷᠪᠤᠯᠵᠢ ᠶᠢᠨ ᠢᠨᠵᠧᠨᠧᠷᠢᠩ ᠢ 141 ᠭᠠᠵᠠᠷ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 43 % ᠪᠣᠯᠣᠨ᠎ᠠ︔ ᠤᠰᠤ ᠠᠷᠪᠢᠯᠠᠬᠤ ᠤᠰᠤᠯᠠᠯᠲᠠ ᠶᠢ 157 ᠭᠠᠵᠠᠷ ᠪᠡᠶᠡᠯᠡᠭᠦᠯᠵᠦ᠂  ᠡᠨᠡ ᠨᠢ ᠲᠥᠯᠥᠪᠯᠡᠭᠡᠨ ᠤ ᠡᠭᠦᠷᠭᠡ ᠶᠢᠨ 73 % ᠪᠣᠯᠣᠨ᠎ᠠ︔ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ 46.69 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 56% ᠪᠣᠯᠣᠨ᠎ᠠ︔ ᠬᠦᠷᠢᠶᠡᠯᠡᠵᠦ ᠪᠢᠲᠡᠭᠦᠮᠵᠢᠯᠡᠨ ᠪᠣᠶᠢᠵᠢᠭᠤᠯᠬᠤ ᠶᠢ 19 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 73.08% ᠪᠣᠯᠣᠨ᠎ᠠ︔ ᠲᠠᠷᠢᠮᠠᠯ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠢ 3 ᠲᠦᠮᠡᠨ ᠮᠥ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 67% ᠪᠣᠯᠣᠨ᠎ᠠ︔  ᠡᠪᠡᠰᠦᠨ ᠦᠷ᠎ᠡ ᠶᠢᠨ ᠰᠠᠭᠤᠷᠢᠨ ᠭᠠᠵᠠᠷ ᠢ 0.08 ᠲᠦᠮᠡᠨ ᠮᠥ ᠪᠡᠶᠡᠯᠡᠭᠦᠯᠵᠦ᠂ ᠲᠥᠯᠥᠪᠯᠡᠭᠡᠨ ᠤ ᠡᠭᠦᠷᠭᠡ ᠶᠢᠨ 29% ᠪᠣᠯᠣᠨ᠎ᠠ︔ ᠬᠥᠬᠡ ᠪᠠᠷ ᠳᠠᠷᠤᠰᠢᠭᠤᠯᠬᠤ ᠵᠣᠭᠤᠷᠢ ᠶᠢ 2 ᠲᠦᠮᠡᠨ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 80% ᠪᠣᠯᠣᠨ᠎ᠠ︔ ᠳᠤᠯᠠᠠᠭᠠ ᠰᠠᠷᠠᠪᠴᠢ ᠶᠢ 2.9 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂  ᠡᠨᠡ ᠎ ᠨᠢ ᠲᠥᠯᠥᠪᠯᠡᠭᠡᠨ ᠤ ᠡᠭᠦᠷᠭᠡ ᠶᠢᠨ 100% ᠪᠣᠯᠣᠨ᠎ᠠ︔ ᠡᠪᠡᠰᠦ ᠬᠠᠳᠠᠭᠠᠯᠠᠬᠤ ᠬᠤᠷᠤᠭ᠎ᠠ ᠶᠢ 3.1 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 82% ᠪᠣᠯᠣᠨ᠎ᠠ︔ ᠲᠡᠵᠢᠭᠡᠯ ᠪᠣᠷᠳᠣᠭᠠᠨ ᠤ ᠮᠠᠰᠢᠨ ᠢ 35 ︵40︶ ᠰᠠᠤᠷᠢ ︵ᠢᠵᠢ︶ ᠪᠡᠶᠡᠯᠡᠭᠦᠯᠵᠦ᠂ ᠡᠨᠡ ᠨᠢ ᠲᠥᠯᠥᠪᠯᠡᠭᠡᠨ ᠤ ᠡᠭᠦᠷᠭᠡ ᠶᠢᠨ 73% ᠪᠣᠯᠣᠨ᠎ᠠ︔1850 ᠬᠥᠮᠦᠨ ᠢ ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ n ᠡᠨᠡ ᠎ ᠨᠢ ᠲᠥᠯᠥᠪᠯᠡᠭᠡᠨ ᠤ ᠡᠭᠦᠷᠭᠡ ᠶᠢᠨ 67% ᠪᠣᠯᠣᠨ᠎ᠠ᠃ ᠵᠢᠱᠢᠯᠲᠡ ᠪᠠᠷ 7 ᠳ᠋ᠤᠭᠠᠷ ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠤᠨ ᠠᠵᠢᠯ ᠢ ᠪᠦᠬᠦᠨ ᠢ ᠳᠠᠭᠤᠰᠬᠠᠬᠤ ᠪᠣᠯᠣᠨ᠎ᠠ  ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号