ᠬᠥᠬᠡᠬᠤᠲᠠ ᠶᠢᠨ ᠬᠢᠨ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2015/7/1
     ᠬᠥᠬᠡᠬᠤᠲᠠ ᠶᠢᠨ ᠬᠢᠨ ᠲᠥᠷᠥ ᠶᠢᠨ ᠶᠠᠪᠤᠳᠠᠯ ᠤᠨ ᠬᠤᠷᠢᠶ᠎ᠡ ᠶᠢᠨ ︽ᠬᠤᠲᠠ ᠶᠢᠨ ᠦᠨᠳᠦᠰᠦᠲᠡᠨ ᠤ ᠠᠵᠢᠯ ᠤᠨ ᠳᠦᠷᠢᠮ︾  ᠪᠣᠯᠣᠨ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ︽ᠬᠤᠲᠠ ᠶᠢᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾᠎ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠢ ᠯᠠᠪᠳᠠᠭᠤᠨ ᠢᠶᠠᠷ ᠤᠷᠤᠭᠰᠢ ᠬᠥᠭᠵᠢᠭᠦᠯᠵᠦ ᠪᠣᠢ᠃      ᠨᠢᠭᠡ ᠳᠤ ᠡᠯ᠎ᠡ ᠱᠠᠲᠤᠨ ᠤ ᠬᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠬᠠᠮᠵᠢᠯᠴᠠᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠤᠳᠤᠷᠢᠳᠬᠤ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠦᠨᠳᠦᠰᠦᠲᠡᠨ ᠤ ᠠᠵᠢᠯ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠬᠤ ᠠᠵᠢᠯ ᠳᠤ ᠣᠷᠤᠭᠤᠯᠤᠨ ᠪᠦᠬᠦ ᠲᠠᠯ᠎ᠠ ᠶᠢ ᠨᠢᠭᠡᠳᠦᠯᠲᠡᠶ ᠪᠣᠳᠣᠯᠬᠢᠯᠠᠨ ᠲᠣᠬᠢᠷᠠᠭᠤᠯᠵᠤ᠂ ︽ᠬᠥᠬᠡᠬᠤᠲᠠ ᠶᠢᠨ ᠬᠤᠲᠠ ᠶᠢᠨ ᠦᠨᠳᠦᠰᠦᠲᠡᠨ ᠤ ᠠᠵᠢᠯ ᠤᠨ ᠬᠡᠷᠡᠭᠵᠢᠭᠦᠯᠬᠦ ᠠᠷᠭ᠎ᠠ︾᠎ ᠶᠢ ᠰᠤᠳᠤᠯᠤᠨ ᠲᠣᠭᠲᠠᠭᠠᠵᠤ᠂ ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠰᠢᠨ᠎ᠡ ᠠᠷᠭ᠎ᠠ᠂ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠪᠠᠶᠢᠭᠤᠯᠤᠮᠵᠢ ᠪᠦᠷᠢᠨᠰᠢᠭᠰᠡᠨ᠂ ᠳᠦᠷᠢᠮ ᠲᠡᠭᠦᠯᠳᠡᠷᠵᠢᠭᠰᠡᠨ᠂ ᠡᠭᠦᠷᠭᠡ ᠲᠣᠳᠣᠷᠬᠠᠶ᠂ ᠣᠨᠴᠠᠯᠢᠭ ᠲᠣᠲᠣ᠂ ᠦᠢᠯᠡᠴᠢᠯᠡᠭᠡ ᠳᠥᠭᠦᠮ ᠳᠥᠲᠡ᠂ ᠲᠤᠭ᠎ᠠ ᠪᠠᠷᠢᠮᠲᠠ ᠲᠣᠳᠣᠷᠬᠠᠶ᠂ ᠮᠡᠳᠡᠭᠡ ᠵᠠᠩᠭᠢ ᠰᠠᠭᠠᠳ ᠦᠭᠡᠶ ᠨᠡᠪᠲᠡᠷᠡᠭᠰᠡᠨ︾ ᠣᠷᠣᠨ ᠤ ᠲᠥᠪ ᠬᠤᠲᠠ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠢ ᠪᠣᠯᠠᠭᠠᠪᠠ︔      ᠬᠤᠶᠠᠷ ᠲᠤ ᠬᠤᠲᠠ ᠶᠢᠨ ᠳᠥᠷᠪᠡᠨ ᠲᠣᠭᠤᠷᠢᠭ ᠪᠣᠯᠣᠨ ᠬᠤᠰᠢᠭᠤ ᠰᠢᠶᠠᠨ ᠤ ᠬᠤᠲᠠ ᠶᠢᠨ ᠬᠠᠷᠢᠶ᠎ᠡ ᠪᠠᠯᠭᠠᠰᠤ ᠶᠢ ᠬᠤᠲᠠ ᠶᠢᠨ ᠦᠨᠳᠦᠰᠦᠲᠡᠨ ᠤ ᠠᠵᠢᠯ ᠤᠨ ᠲᠤᠷᠰᠢᠯᠲᠠ ᠬᠢᠬᠦ ᠨᠢᠭᠡᠴᠡ ᠳᠤ ᠣᠷᠣᠭᠤᠯᠵᠤ᠂ 8 ᠳ᠋ᠤᠭᠠᠷ ᠰᠠᠷ᠎ᠠ ᠳᠤ ᠬᠤᠲᠠ ᠶᠢᠨ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠲᠤᠬᠠᠶ ᠶᠢᠨ ᠭᠠᠵᠠᠷ ᠤᠨ ᠦᠵᠡᠭᠦᠯᠦᠯᠭᠡ ᠶᠢᠨ ᠬᠤᠷᠠᠯ ᠢ ᠬᠤᠷᠠᠯᠳᠤᠭᠤᠯᠬᠤ ᠵᠢᠴᠢ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠨᠡᠷᠡᠯᠡᠵᠦ ᠫᠠᠶᠢᠰᠠ ᠡᠯᠭᠦᠬᠦ ᠶᠣᠰᠣᠯᠠᠯ ᠶᠠᠪᠤᠭᠳᠠᠭᠤᠯᠬᠤ ᠪᠠᠷ ᠪᠣᠯᠵᠤ᠂ ᠬᠤᠲᠠ ᠶᠢᠨ ᠦᠨᠳᠦᠰᠦᠲᠡᠨ ᠤ ᠠᠵᠢᠯ ᠤᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠳ᠋ᠦᠡᠭᠨᠡᠨ ᠳᠡᠯᠭᠡᠷᠡᠭᠦᠯᠵᠦ᠂ ᠬᠤᠲᠠ ᠶᠢᠨ ᠦᠨᠳᠦᠰᠦᠲᠡᠨ ᠤ ᠠᠵᠢᠯ ᠤᠨ ᠲᠣᠣᠷ ᠰᠦᠯᠵᠢᠶ᠎ᠡ ᠶᠢ ᠲᠠᠰᠤᠷᠠᠯᠲᠠ ᠦᠭᠡᠶ ᠲᠡᠭᠦᠯᠳᠡᠷᠵᠢᠭᠦᠯᠦᠨ᠂ ᠬᠤᠲᠠ ᠶᠢᠨ ᠦᠨᠳᠦᠰᠦᠲᠡᠨ ᠤ ᠠᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠤᠲᠠ ᠶᠢᠨ ᠦᠨᠳᠦᠰᠦᠲᠡᠨ ᠤ ᠠᠵᠢᠯ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ︔      ᠭᠤᠷᠪᠠ ᠳᠤ ᠪᠦᠬᠦ ᠬᠤᠲᠠ ᠶᠢᠨ ᠨᠡᠶᠢᠭᠡᠮ ᠲᠣᠭᠤᠷᠢᠭ ᠤᠨ ᠲᠣᠣᠷᠵᠢᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠲᠦᠰᠢᠭᠯᠡᠨ᠂ ᠬᠤᠲᠠ ᠶᠢᠨ ᠦᠨᠳᠦᠰᠦᠲᠡᠨ ᠤ ᠠᠵᠢᠯ ᠢ ᠲᠣᠣᠷᠵᠢᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠣᠷᠣᠭᠤᠯᠵᠤ᠂ ᠲᠣᠣᠷᠯᠠᠯ ᠤᠨ ᠠᠵᠢᠯᠲᠠᠨ ᠢ ᠠᠰᠢᠭᠯᠠᠨ ᠪᠦᠬᠦ ᠬᠤᠲᠠ ᠶᠢᠨ ᠪᠠᠶᠢᠩᠭᠤ ᠰᠠᠭᠤᠭ᠎ᠠ ᠴᠥᠭᠡᠨ ᠲᠤᠭᠠᠳᠤ ᠦᠨᠳᠦᠰᠦᠲᠡᠨ ᠤ ᠬᠥᠮᠦᠨ ᠠᠮᠠ ᠪᠣᠯᠣᠨ ᠴᠥᠭᠡᠨ ᠲᠤᠭᠠᠳᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠨᠳᠦᠰᠦᠨ ᠪᠠᠶᠢᠳᠠᠯ ᠢ ᠮᠡᠳᠡᠵᠦ ᠠᠪᠬᠤ ᠪᠠᠶᠢᠴᠠᠭᠠᠯᠲᠠ ᠬᠢᠵᠦ᠂ ᠪᠠᠶᠢᠩᠭᠤ ᠰᠠᠭᠤᠭ᠎ᠠ ᠴᠥᠭᠡᠨ ᠲᠤᠭᠠᠳᠤ ᠦᠨᠳᠦᠰᠦᠲᠡᠨ ᠤ ᠬᠥᠮᠦᠨ ᠠᠮᠠ ᠪᠣᠯᠣᠨ ᠴᠥᠭᠡᠨ ᠲᠤᠭᠠᠳᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠬᠡ ᠳᠠᠩᠰᠠ ᠶᠢᠨ ᠲᠣᠭᠲᠠᠴᠠ ᠶᠢ ᠪᠦᠷᠢᠨᠰᠢᠭᠦᠯᠦᠨ᠂ ᠴᠥᠭᠡᠨ ᠲᠤᠭᠠᠳᠤ ᠦᠨᠳᠦᠰᠦᠲᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠢ ᠪᠡᠯᠡᠳᠬᠡᠨ ᠪᠠᠶᠢᠭᠤᠯᠵᠤ᠂ ᠴᠥᠭᠡᠨ ᠲᠤᠭᠠᠳᠤ ᠦᠨᠳᠦᠰᠦᠲᠡᠨ ᠪᠣᠯᠣᠨ ᠴᠥᠭᠡᠨ ᠲᠤᠭᠠᠳᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠠᠲᠠᠯ ᠦᠢᠯᠡᠰ ᠴᠣᠭᠴᠠᠯᠠᠨ ᠠᠵᠢᠯ ᠤᠯᠬᠤ᠂ ᠦᠷ᠎ᠡ ᠬᠡᠦᠬᠡᠳ ᠤᠨ ᠬᠢᠨ ᠰᠤᠷᠭᠠᠭᠤᠯᠢ ᠳᠤ ᠣᠷᠣᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠣᠨᠴᠠ ᠬᠦᠴᠢᠷᠳᠡᠯᠲᠡᠶ ᠶᠢ ᠲᠡᠩᠭᠡᠷᠡᠭᠦᠯᠦᠨ ᠲᠤᠰᠠᠯᠠᠬᠤ ᠵᠡᠷᠭᠡ ᠲᠠᠯ᠎ᠠ ᠪᠠᠷ ᠲᠡᠩᠴᠡᠭᠦᠷᠢᠰᠢᠭᠦᠯᠦᠭᠰᠡᠨ ᠦᠢᠯᠡᠴᠢᠯᠡᠭᠡ ᠬᠠᠨᠭ᠍ᠭᠠᠨ᠎ᠠ᠃ ᠡᠭᠦᠨ ᠤ ᠬᠠᠮᠲᠤ᠂ ᠣᠳᠣ ᠪᠠᠶᠢᠭ᠎ᠠ ᠲᠣᠣᠷᠯᠠᠯ ᠤᠨ ᠬᠤᠪᠢᠶᠠᠷᠢᠯᠠᠯ ᠳᠤ ᠲᠦᠰᠢᠭᠯᠡᠨ᠂ ︽ᠲᠣᠣᠷᠯᠠᠯ ᠤᠨ ᠠᠬᠠᠯᠠᠭᠴᠢ︾᠎ ᠶᠢ ᠬᠠᠷᠢᠯᠴᠠᠬᠤ ᠬᠥᠮᠦᠨ ᠢᠶᠠᠷ ᠲᠣᠭᠲᠠᠭᠠᠵᠤ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ︽ᠵᠠᠩᠭᠢᠯᠠᠭ᠎ᠠ ᠨᠢᠭᠡᠪᠦᠷᠢ ᠳᠤ ᠬᠠᠮᠢᠶᠠᠷᠬᠤ ᠬᠥᠮᠦᠨ ᠲᠠᠢ᠂ ᠲᠣᠣᠷᠯᠠᠯ ᠪᠥᠬᠦᠨ ᠢ ᠬᠠᠮᠤᠷᠤᠭᠰᠠᠨ︾ ᠠᠵᠢᠯ ᠤᠨ ᠪᠠᠶᠢᠳᠠᠯ ᠢ ᠪᠣᠢ ᠪᠣᠯᠭᠠᠨ᠎ᠠ︔      ᠳᠥᠷᠪᠡ ᠳᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠠᠪᠴᠠᠩ ᠪᠠᠶᠢᠭᠤᠯᠤᠨ᠂ ᠬᠤᠲᠠ ᠶᠢᠨ ᠨᠡᠶᠢᠭᠡᠮ ᠲᠣᠭᠤᠷᠢᠭ ᠲᠤ ︽ᠦᠨᠳᠦᠰᠦᠲᠡᠨ ᠤ ᠭᠡᠷ︾ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢᠯᠠᠩᠭᠤᠶ᠎ᠠ ᠴᠥᠭᠡᠨ ᠲᠤᠭᠠᠳᠤ ᠦᠨᠳᠦᠰᠦᠲᠡᠨ ᠤ ᠣᠯᠠᠨ ᠲᠦᠮᠡᠨ ᠢ ᠵᠣᠬᠢᠶᠠᠨ ᠪᠠᠶᠢᠭᠤᠯᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠦᠨᠳᠦᠰᠦᠲᠡᠨ ᠤ ᠲᠤᠬᠠᠢ ᠦᠨᠳᠦᠰᠦᠨ ᠮᠡᠳᠡᠯᠭᠡ ᠪᠣᠯᠣᠨ ᠴᠥᠭᠡᠨ ᠲᠤᠭᠠᠳᠤ ᠦᠨᠳᠦᠰᠦᠲᠡᠨ ᠤ ᠵᠠᠩ ᠳᠠᠳᠬᠠᠯ ᠵᠡᠷᠭᠡ ᠲᠠᠯ᠎ᠠ ᠪᠠᠷ ᠬᠢ ᠰᠣᠷᠣᠯᠴᠠᠯᠭ᠎ᠠ ᠥᠷᠨᠢᠭᠦᠯᠵᠦ᠂ ᠣᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠡᠯ᠎ᠡ ᠵᠦᠢᠯ ᠤᠨ ᠰᠣᠶᠣᠯ ᠤᠨ ᠠᠵᠢᠯᠯᠠᠭ᠎ᠠ ᠪᠣᠯᠣᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠴᠥᠭᠡᠨ ᠲᠤᠭᠠᠳᠤ ᠦᠨᠳᠦᠰᠦᠲᠡᠨ ᠤ ᠠᠵᠢᠯ ᠣᠯᠬᠤ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠥᠷᠨᠢᠭᠦᠯᠦᠨ᠎ᠡ︔      ᠲᠠᠪᠤ ᠳᠤ ᠬᠠᠤᠯᠢ ᠳᠦᠷᠢᠮ ᠤᠨ ᠤᠬᠠᠭᠤᠯᠭ᠎ᠠ ᠪᠠ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠬᠥᠮᠦᠵᠢᠯ ᠢ ᠴᠢᠩᠭᠠᠭᠳᠬᠠᠨ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠪᠠ ᠵᠢᠭᠤᠷᠠᠯᠳᠤᠭᠠᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠡᠶᠡᠳᠡᠭᠦᠯᠬᠦ ᠠᠵᠢᠯ ᠢ ᠥᠷᠨᠢᠭᠦᠯᠵᠦ᠂ ᠴᠥᠭᠡᠨ ᠲᠤᠭᠠᠳᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠡᠮᠬᠢ ᠵᠢᠷᠤᠮ ᠲᠠᠢ ᠪᠠᠷ ᠬᠤᠲᠠ ᠳᠤ ᠨᠡᠶᠢᠯᠡᠨ ᠣᠷᠣᠵᠣ ᠦᠨᠳᠦᠰᠦ ᠬᠠᠳᠬᠤᠬᠤ ᠶᠢ ᠬᠥᠲᠦᠯᠦᠨ ᠵᠢᠯᠤᠭᠤᠳᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号