ᠣᠷᠳᠣᠰ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠡᠷᠡᠭᠵᠢᠭᠦᠯᠬᠦ ᠲᠥᠯᠥᠪᠵᠢᠭᠦᠯᠭᠡ ᠶᠢ ᠵᠢᠩᠬᠢᠨᠢ ᠪᠠᠷ ᠬᠡᠷᠡᠭᠵᠢᠭᠦᠯᠵᠦ ᠡᠬᠢᠯᠡᠭᠦᠯᠪᠡ
ᠨᠡᠶᠢᠲᠡᠯᠡᠭᠰᠡᠨ ᠴᠠᠭ᠄
2015/7/1
     2015 ᠣᠨ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠤᠷᠤᠭᠰᠢᠲᠠᠶ ᠲᠦᠯᠬᠢᠨ  ᠠᠬᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠲᠠ᠂ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠎ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠮᠠᠭᠠᠶ ᠰᠤᠳᠤᠯᠵᠤ᠂ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠥᠯᠥᠪᠵᠢᠭᠦᠯᠭᠡ ︵2014-2020 ︶ ᠠᠵᠤ ᠠᠬᠤᠶ ᠠᠮᠢ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠰᠡᠭ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠬᠠᠮᠲᠤ ᠪᠠᠷ ᠲᠣᠭᠲᠠᠭᠠᠵᠤ᠂ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠠᠳᠠᠯᠵᠤ᠂ ᠪᠣᠳᠠᠲᠠᠶ ᠠᠵᠢᠯ ᠤᠨ ᠬᠠᠷᠠᠯᠲᠠ ᠪᠣᠯᠣᠨ ᠪᠡᠶᠡᠯᠡᠭᠦᠯᠬᠦ ᠬᠤᠭᠤᠴᠠᠭ᠎ᠠ ᠶᠢ ᠲᠣᠲᠤᠷᠬᠠᠶᠢᠯᠠᠨ᠂ ᠬᠠᠮᠢᠶ᠎ᠠ ᠪᠦᠬᠦᠢ ᠬᠠᠷᠢᠭᠤᠴᠠᠭᠴᠢ ᠪᠠᠷ  ᠬᠢᠨᠠᠯᠲᠠ ᠲᠠᠯᠪᠢᠭᠤᠯᠤᠨ ᠵᠢᠯᠣᠭᠤᠳᠤᠭᠤᠯᠬᠤ ᠪᠠᠷ ᠳᠠᠮᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠢᠶᠠᠷ ᠳᠥᠯᠭᠢᠨ ᠠᠬᠢᠭᠤᠯᠬᠤ ᠶᠢ ᠦᠨᠡᠨᠬᠦ ᠪᠠᠲᠤᠯᠠᠪᠠ᠃      ︽ᠲᠥᠯᠥᠪᠵᠢᠭᠦᠯᠭᠡ︾᠎ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠴᠢᠬᠤᠯᠠ ᠥᠭᠡᠷᠡᠴᠢᠯᠡᠯᠲᠡ ᠬᠢᠬᠦ ᠵᠠᠮ ᠱᠤᠭᠤᠮ ᠪᠣᠯ᠄ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠲᠥᠷᠥᠯ ᠬᠤᠪᠢᠶᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠶᠢᠨ ᠦᠢᠯᠡᠳᠦᠯ ᠢ ᠪᠠᠳᠠᠷᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠦᠭᠡᠳ ᠥᠨᠳᠥᠷ ᠦᠷ᠎ᠡ ᠪᠦᠲᠦᠮᠵᠢᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠴᠤᠪᠤᠷᠠᠯ ᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠲᠥᠪ ᠭᠤᠣᠯᠴᠢ ᠪᠠᠷ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠪᠣᠳᠣᠯᠭ᠎ᠠ ᠲᠣᠭᠲᠠᠭᠠᠬᠤ᠂  ᠴᠢᠩᠭ᠎ᠠ ᠬᠡᠷᠡᠭᠵᠢᠭᠦᠯᠬᠦ᠂ ᠬᠢᠨᠠᠯᠲᠠ ᠲᠠᠯᠪᠢᠬᠤ ᠨᠢ  ᠬᠥᠴᠦᠨ ᠲᠡᠭᠦᠯᠳᠡᠷ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠱᠠᠩᠨᠠᠬᠤ ᠠᠷᠭ᠎ᠠ ᠳᠤ ᠵᠠᠰᠠᠪᠤᠷᠢ ᠣᠷᠣᠭᠤᠯᠤᠨ᠎ᠠ᠃ ᠠᠳᠠᠯᠢ ᠪᠤᠰᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠣᠨᠴᠠᠯᠢᠭ ᠲᠤ ᠲᠣᠬᠢᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠭᠦᠢᠴᠡᠳᠬᠡᠬᠦ ᠲᠤᠭ᠎ᠠ ᠶᠢᠨ  ᠰᠢᠰᠲ᠋ᠧᠮᠵᠢ ᠶᠢ ᠪᠠᠶᠢᠭᠤᠯᠤᠨ᠎ᠠ᠃      ︽ᠲᠥᠯᠥᠪᠵᠢᠭᠦᠯᠭᠡ︾᠎ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠡᠶᠡᠯᠡᠭᠦᠯᠬᠦ ᠭᠤᠣᠯ ᠠᠵᠢᠯ ᠪᠣᠯ᠄ 2015 ᠣᠨ ᠳᠤ ︽ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠪᠣᠯᠤᠨ ︽ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠲᠣᠭᠲᠠᠭᠠᠵᠤ ᠨᠡᠶᠢᠲᠡᠯᠡᠨ᠎ᠡ︔ 2015 ᠣᠨ ᠳᠤ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠮᠡᠳᠡᠭᠦᠯᠬᠦ  ᠬᠠᠮᠢᠶᠠᠷᠤᠯᠲᠠ ᠶᠢᠨ ᠰᠢᠰᠲ᠋ᠧᠮ ᠢ  ᠨᠡᠭᠡᠭᠡᠨ᠎ᠡ︔ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠵᠦᠭᠯᠡᠭᠦᠷ ᠢ ᠢᠯᠡ ᠨᠡᠶᠢᠲᠡᠯᠡᠨ᠎ᠡ᠃ 2016 ᠣᠨ ᠳᠤ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠬᠤ ᠠᠷᠭ᠎ᠠ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号