ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠴᠡᠭᠡ ᠪᠣᠭᠤᠮᠲᠠ ᠶᠢᠨ ᠪᠣᠭᠤᠮᠲᠠ ᠪᠤᠯᠤᠨ ᠪᠠᠶᠢᠴᠠᠭᠠᠯᠲᠠ ᠶᠢᠨ ᠬᠠᠮᠲᠤᠷᠠᠯᠴᠠᠭ᠎ᠠ ︽ᠭᠤᠷᠪᠠ ᠶᠢ ᠨᠢᠭᠡᠳᠦᠭᠦᠯᠬᠦ︾ ᠬᠡᠯᠪᠡᠷᠢ ᠶᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2015/7/10
      ᠶᠡᠭᠡ ᠪᠣᠭᠤᠮᠲᠠ ᠪᠠᠷ ᠥᠩᠭᠡᠷᠡᠬᠦ ᠬᠠᠮᠵᠢᠯᠴᠠᠭ᠎ᠠ ᠶᠢᠨ ᠲᠣᠭᠲᠠᠴᠠ ᠶᠢ ᠳᠥᠯᠭᠢᠨ ᠠᠬᠢᠭᠤᠯᠵᠤ᠂ ᠪᠣᠭᠤᠮᠲᠠ ᠪᠠᠷ ᠦᠡᠭᠭᠡᠷᠡᠬᠦ ᠭᠠᠷᠳᠠᠮ ᠢ ᠪᠦᠲᠦᠮᠵᠢᠲᠡᠶ ᠪᠠᠷ ᠳᠥᠭᠦᠮᠴᠢᠯᠡᠵᠦ᠂ ᠪᠣᠭᠤᠮᠲᠠ ᠪᠠᠷ ᠥᠩᠭᠡᠷᠡᠬᠦ ᠴᠢᠳᠠᠮᠵᠢ ᠶᠢ ᠦᠨᠡᠨ ᠬᠦ ᠳᠡᠭᠡᠭᠰᠢᠯᠡᠬᠦᠯᠬᠦ ᠶᠢᠨ ᠲᠤᠯᠠᠳᠠ᠂ 2015 ᠤᠨ ᠤ 7 ᠳ᠋ᠤᠭᠠᠷ ᠰᠠᠷ᠎ᠠ ᠶᠢᠨ 7᠎ ᠤ ᠡᠳᠦᠷ᠂  ᠴᠡᠭᠡ ᠪᠣᠭᠤᠮᠲᠠ ᠳᠤ ︽ᠭᠤᠷᠪᠠ ᠶᠢ ᠨᠢᠭᠡᠳᠦᠭᠦᠯᠬᠦ︾ ︵ᠨᠢᠭᠡᠯᠡ ᠳᠡᠭᠡᠷ᠎ᠡ ᠮᠡᠳᠡᠭᠦᠯᠬᠦ᠂ ᠪᠠᠶᠢᠴᠠᠭᠠᠨ ᠰᠢᠯᠭᠠᠬᠤ᠂ ᠦᠡᠭᠭᠡᠷᠡᠬᠦ ︶ ᠪᠣᠭᠤᠮᠲᠠ ᠪᠤᠯᠤᠨ ᠪᠠᠶᠢᠴᠠᠭᠠᠯᠲᠠ ᠶᠢᠨ ᠬᠠᠮᠲᠤᠷᠠᠨ ᠠᠵᠢᠯᠯᠠᠬᠤ ᠰᠢᠨ᠎ᠡ ᠬᠡᠯᠪᠡᠷᠢ ᠶᠢ ᠵᠢᠩᠬᠢᠨᠢ ᠪᠠᠷ ᠡᠬᠢᠯᠡᠭᠦᠯᠪᠡ᠃ ᠪᠣᠭᠤᠮᠲᠠ ᠪᠤᠯᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠥᠴᠢᠷ ᠶᠡᠷᠦᠩᠬᠡᠶᠢᠯᠡᠨ ᠦᠨᠡᠯᠡᠨ ᠵᠢᠱᠢᠬᠦ ᠡᠬᠢᠨ ᠤ ᠬᠤᠭᠤᠴᠠᠭᠠᠨ ᠤ ᠲᠤᠷᠰᠢᠯᠲᠠ ᠬᠢᠬᠦ ᠪᠠᠶᠢᠳᠠᠯ ᠤᠨ ᠰᠠᠭᠤᠷᠢ ᠳᠡᠭᠡᠷ᠎ᠡ᠂ ᠪᠤᠭᠤᠮᠳᠠ᠂ ᠪᠠᠶᠢᠴᠠᠭᠠᠬᠤ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠵᠢᠷᠤᠮᠵᠢᠯ ᠪᠤᠯᠤᠨ ᠮᠡᠷᠭᠡᠵᠢᠯ ᠤᠨ ᠪᠠᠷᠢᠮᠵᠢᠶ᠎ᠠ ᠶᠢ ᠨᠢᠭᠡᠳᠦᠯᠲᠡᠶ ᠪᠤᠯᠭᠠᠵᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠥᠴᠢᠷ ᠤᠨ ᠥᠩᠭᠡᠷᠡᠭᠰᠡᠨ ᠤ ᠤᠭᠰᠠᠷᠠᠭ᠎ᠠ ᠠᠵᠢᠯᠯᠠᠭ᠎ᠠ᠂ ᠪᠡᠶ᠎ᠡ ᠪᠠᠨ ᠳᠠᠭᠠᠭᠠᠭᠰᠠᠨ ᠠᠵᠢᠯᠯᠠᠭ᠎ᠠ ᠬᠢᠬᠦ ᠬᠤᠶᠠᠷ ᠢᠵᠢ ᠳᠠᠷᠠᠭᠠᠯᠠᠯ ᠢ ᠡᠮᠬᠢᠯᠡᠨ ᠨᠡᠶᠢᠯᠡᠭᠦᠯᠵᠦ ᠬᠠᠮᠲᠤᠷᠠᠭᠰᠠᠨ ᠠᠵᠢᠯᠯᠠᠭ᠎ᠠ ᠪᠤᠯᠭᠠᠪᠠ᠃ ᠠᠵᠢᠯᠯᠠᠭᠠᠨ ᠤ ᠵᠠᠩᠭᠢᠯᠠᠭ᠎ᠠ ᠶᠢ ᠵᠤᠬᠢᠴᠠᠭᠤᠯᠤᠨ ᠳᠦᠭᠦᠮᠴᠢᠯᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠠᠷᠪᠢᠯᠠᠵᠤ᠂  ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠤᠯᠤᠨ ᠪᠣᠭᠤᠮᠲᠠ ᠪᠤᠯᠤᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠴᠢᠳᠠᠮᠵᠢ ᠶᠢ ᠳᠡᠭᠡᠭᠰᠢᠯᠡᠭᠦᠯᠬᠦ ᠳᠤ ᠵᠤᠷᠢᠯᠭ᠎ᠠ ᠳᠤ ᠬᠦᠷᠦᠭᠦᠯᠪᠡ᠃ ᠪᠣᠭᠤᠮᠲᠠ ᠪᠤᠯᠤᠨ ᠪᠠᠶᠢᠴᠠᠭᠠᠯᠲᠠ ᠶᠢᠨ ᠬᠠᠮᠲᠤᠷᠠᠯᠴᠠᠭ᠎ᠠ ︽ᠭᠤᠷᠪᠠ ᠶᠢ ᠨᠢᠭᠡᠳᠦᠬᠦᠯᠬᠦ︾ ᠬᠡᠯᠪᠡᠷᠢ ᠨᠢ ᠪᠤᠭᠤᠮᠲᠠ ᠪᠤᠯᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠪᠣᠭᠤᠮᠲᠠ ᠪᠠᠷ ᠦᠡᠭᠭᠡᠷᠡᠬᠦ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠡᠮᠬᠢᠯᠡᠨ ᠨᠡᠶᠢᠯᠡᠭᠦᠯᠵᠦ᠂ ᠪᠤᠭᠤᠮᠳᠠ ᠪᠠᠷ ᠨᠡᠪᠳᠡᠷᠡᠬᠦ ᠡᠯ᠎ᠡ ᠭᠤᠭᠴᠤᠭ᠎ᠠ ᠶᠢᠨ ᠬᠤᠭᠤᠷᠣᠨᠳᠣ ᠨᠡᠩ ᠨᠢᠭᠲᠠ ᠪᠤᠯᠭᠠᠨ᠂ ᠪᠣᠭᠤᠮᠲᠠ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号