ᠣᠶᠢᠷ᠎ᠠ ᠳᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤᠨ ᠤ | ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ | ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠤᠭᠲᠤᠬᠤ ᠳᠤ ᠡᠶ᠎ᠡ | ᠵᠣᠬᠢᠴᠠᠯ ᠲᠠᠢ ᠰᠠᠶᠢᠨ ᠰᠠᠶᠢᠬᠠᠨ ᠦᠭᠡ ᠬᠡᠯᠡ ᠦᠰᠦᠭ ᠪᠢᠴᠢᠭ ᠤᠨ ᠣᠷᠴᠢᠨ ᠲᠣᠭᠤᠷᠢᠨ ᠢ ᠪᠤᠶ ᠪᠣᠯᠭᠠᠬᠤ ᠶᠢᠨ | ᠲᠥᠯᠥᠭᠡ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠪᠦᠬᠦ ᠬᠤᠲᠠ ᠶᠢᠨ ᠨᠡᠶᠢᠭᠡᠮ ᠤᠨ ᠦᠩᠭᠡᠨ | ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠪᠠᠶᠢᠳᠠᠯ ᠳᠤ ᠪᠦᠬᠦ | ᠲᠠᠯ᠎ᠠ ᠶᠢᠨ ᠪᠠᠶᠢᠴᠠᠭᠠᠨ ᠴᠡᠭᠴᠡᠯᠡᠬᠦ ᠠᠵᠢᠯᠯᠠᠭ᠎ᠠ ᠦᠷᠨᠢᠭᠦᠯᠪᠡ᠃ | ᠡᠨᠡ ᠤᠳᠠᠭᠠᠨ ᠤ ᠪᠠᠶᠢᠴᠠᠭᠠᠨ ᠴᠡᠭᠴᠡᠯᠡᠬᠦ ᠠᠵᠢᠯᠯᠠᠭ᠎ᠠ ᠨᠢ ᠥᠪᠡᠷᠲᠡᠭᠡᠨ ᠪᠠᠶᠢᠴᠠᠭᠠᠨ ᠴᠡᠭᠴᠡᠯᠡᠵᠦ | ᠥᠭᠡᠷᠡᠴᠢᠯᠡᠬᠦ ᠪᠠ ᠪᠠᠶᠢᠴᠠᠭᠠᠵᠤ ᠰᠢᠯᠭᠠᠨ ᠠᠪᠬᠤ ᠬᠤᠶᠠᠷ ᠱᠠᠲᠤ ᠬᠤᠪᠢᠶᠠᠨ ᠶᠠᠪᠤᠭᠳᠠᠪᠠ᠂ ᠡᠩ ᠲᠡᠷᠢᠭᠦᠨ ᠳᠤ ︽ | ︿ᠤᠯᠠᠭᠠᠨᠬᠠᠳᠠ ᠬᠤᠲᠠ ᠶᠢᠨ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ | ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠶᠢ ᠵᠠᠰᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠣᠬᠠᠢ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠤᠯᠠᠭᠠᠨᠬᠠᠳᠠ ᠵᠠᠰᠠᠭ ᠠᠯᠪᠠᠨ ᠦᠰᠦᠭ ﹇2014﹈ 163 ᠳ᠋ᠤᠭᠠᠷ ᠲᠤᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠠᠷᠠᠳ ᠤᠨ ᠪᠦᠯᠬᠦᠮ ᠤᠳ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ | ᠪᠢᠴᠢᠭ ᠢ ᠵᠡᠷᠭᠡ ᠳᠤᠨᠢ ᠬᠡᠷᠡᠭᠯᠡᠭᠰᠡᠨ ᠪᠠᠶᠢᠳᠠᠯ ᠢ ᠥᠪᠡᠷ ᠢᠶᠠᠨ ᠪᠠᠶᠢᠴᠠᠭᠠᠵᠤ ᠵᠠᠯᠠᠷᠠᠭᠤᠯᠵᠤ ᠪᠠᠶᠢᠴᠠᠭᠠᠨ ᠴᠡᠭᠴᠡᠯᠡᠬᠦ ᠶᠢ | ᠨᠠᠷᠢᠨ ᠬᠢᠨᠠᠮᠠᠭᠠᠢ ᠦᠷᠨᠢᠭᠦᠯᠪᠡ᠃ ᠡᠨᠡ ᠤᠳᠠᠭᠠᠨ ᠤ ᠠᠵᠢᠯᠯᠠᠭ᠎ᠠ ᠶᠢ ᠦᠷᠨᠢᠭᠦᠯᠦᠭᠰᠡᠨ ᠶᠠᠪᠤᠳᠠᠯ ᠨᠢ ᠡᠯ᠎ᠡ ᠭᠠᠵᠠᠷ | ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠡᠭᠡᠳᠦ ᠬᠡᠮᠵᠢᠶᠡᠨ ᠤ ᠬᠦᠨᠳᠦᠳᠬᠡᠯ ᠢ ᠣᠯᠵᠤ᠂ ᠡᠯ᠎ᠡ | ᠬᠤᠰᠢᠭᠤ ᠰᠢᠶᠠᠨ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠴᠥᠮ ᠬᠤᠰᠢᠭᠤ ᠰᠢᠶᠠᠨ ᠲᠣᠭᠤᠷᠢᠭ ᠤᠨ | ᠬᠤᠪᠢᠶᠠᠷᠢᠯᠠᠨ ᠬᠠᠮᠢᠶᠠᠷᠬᠤ ᠳᠠᠷᠤᠭ᠎ᠠ ᠪᠠᠷ ᠲᠣᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ ᠪᠦᠷᠢᠯᠳᠦᠭᠰᠡᠨ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ | ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠶᠢ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ | ᠪᠢᠴᠢᠭ ᠢ ᠵᠡᠷᠭᠡ ᠳᠤᠨᠢ ᠬᠡᠷᠡᠭᠯᠡᠬᠦ ᠠᠵᠢᠯ ᠤᠨ ᠥᠪᠡᠷᠲᠡᠭᠡᠨ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭ᠎ᠠ ᠶᠢ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠦᠷᠨᠢᠭᠦᠯᠵᠡᠢ᠃ ᠳᠠᠬᠢᠪᠠᠯ᠂ ᠬᠤᠲᠠ ᠶᠢᠨ ᠵᠠᠰᠠᠭ ᠤᠨ ᠣᠷᠳᠣᠨ ᠲᠤᠰᠬᠠᠶᠢᠯᠠᠨ | ᠬᠤᠲᠠ ᠶᠢᠨ ᠦᠨᠳᠦᠰᠦᠲᠡᠨ ᠤ ᠵᠥᠪᠯᠡᠯ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠠᠴᠠ ᠰᠢᠯᠢᠳᠡᠭ ᠠᠵᠢᠯᠲᠠᠨ ᠰᠤᠩᠭᠤᠨ ᠭᠤᠷᠪᠠᠨ | ᠪᠠᠶᠢᠴᠠᠭᠠᠬᠤ ᠳᠤᠭᠤᠶᠢᠯᠠᠩ ᠪᠠᠶᠢᠭᠤᠯᠤᠨ᠂ 6 ᠳ᠋ᠤᠭᠠᠷ ᠰᠠᠷ᠎ᠠ ᠶᠢᠨ 23 ᠤ ᠡᠳᠦᠷ ᠠᠴᠠ 7 ᠳ᠋ᠤᠭᠠᠷ ᠰᠠᠷ᠎ᠠ ᠶᠢᠨ | 1 ᠤ ᠡᠳᠦᠷ ᠪᠣᠯᠲᠠᠯ᠎ᠠ 12 ᠬᠤᠰᠢᠭᠤ ᠰᠢᠶᠠᠨ ᠲᠣᠭᠤᠷᠢᠭ ᠤᠨ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ | ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠠᠵᠢᠯ ᠤᠨ ᠦᠷᠨᠢᠭᠦᠯᠦᠭᠰᠡᠨ ᠪᠠᠶᠢᠳᠠᠯ ᠢ | ᠰᠤᠭᠤᠴᠠᠮ ᠪᠠᠶᠢᠴᠠᠭᠠᠭᠰᠠᠨ ᠪᠠ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠵᠠᠮ ᠵᠠᠭᠡᠯᠢ᠂ ᠵᠢᠱᠢᠶ᠎ᠡ ᠦᠵᠡᠭᠦᠯᠬᠦ | ᠨᠢᠭᠡᠴᠡ ᠶᠢᠨ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ | ᠵᠡᠷᠭᠡ ᠳᠤᠨᠢ ᠬᠡᠷᠡᠭᠯᠡᠬᠦ ᠨᠣᠷᠮ᠎ᠠ᠂ ᠵᠢᠷᠤᠮᠵᠢᠭᠤᠯᠬᠤ ᠨᠣᠷᠮ᠎ᠠ᠂ ᠪᠠᠷᠢᠮᠵᠢᠶᠠᠵᠢᠭᠤᠯᠬᠤ ᠨᠣᠷᠮ᠎ᠠ ᠶᠢ ᠪᠠᠷᠢᠮᠵᠢᠶ᠎ᠠ ᠳᠤ | ᠬᠦᠷᠦᠭᠦᠯᠦᠭᠰᠡᠨ ᠪᠠᠶᠢᠳᠠᠯ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ 81 ᠰᠠᠯᠠᠭ᠎ᠠ ᠮᠥᠴᠢᠷ ᠤᠨ | ᠫᠠᠶᠢᠰᠠ ᠢᠯᠡᠷᠬᠡᠶᠢᠯᠡᠯ ᠨᠡᠷᠡᠶᠢᠳᠦᠯ᠂ ᠠᠯᠪᠠᠨ ᠲᠠᠮᠠᠭ᠎ᠠ᠂ ᠪᠢᠴᠢᠭ ᠮᠠᠲ᠋ᠧᠷᠢᠶᠠᠯ ᠤᠨ ᠲᠦᠷᠦᠭᠦᠦ᠂ ᠵᠠᠬᠢᠳᠠᠯ ᠤᠨ | ᠳᠤᠭᠲᠤᠶ᠂ ᠵᠠᠬᠢᠳᠠᠯ ᠤᠨ ᠴᠠᠭᠠᠰᠤ᠂ ᠤᠬᠠᠭᠤᠯᠬᠤ ᠰᠠᠮᠪᠠᠷ᠎ᠠ᠂ ᠬᠤᠷᠠᠯ ᠤᠨ ᠢᠯᠡᠷᠭᠡᠶᠢᠯᠡᠯ᠂ ᠡᠯᠭᠦᠭᠡ ᠪᠢᠴᠢᠭᠡᠰᠦ | ᠵᠡᠷᠭᠡ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ | ᠬᠡᠷᠡᠭᠯᠡᠭᠰᠡᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠵᠤ ᠰᠢᠯᠭᠠᠨ ᠠᠪᠬᠤ ᠶᠢ ᠦᠷᠨᠢᠭᠦᠯᠪᠡ᠃ | ᠪᠠᠶᠢᠴᠠᠭᠠᠨ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠳᠠᠮᠵᠢᠭᠠᠳ᠂ ᠪᠦᠬᠦ | ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠮᠣᠩᠭᠤᠯ ᠦᠭᠡ ᠬᠡᠯᠡ ᠦᠰᠦᠭ ᠪᠢᠴᠢᠭ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ ᠬᠡᠷᠡᠭᠯᠡᠬᠦ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠨᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ | ᠰᠢᠢᠳᠪᠦᠷᠢᠯᠡᠵᠦ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠪᠠ ᠠᠷᠠᠳ ᠤᠨ ᠪᠦᠯᠬᠦᠮ ᠤᠨ ᠭᠡᠷ ᠤᠨ ᠲᠤᠲᠤᠷ᠎ᠠ ᠭᠠᠳᠠᠨᠠᠬᠢ ᠫᠠᠶᠢᠰᠠ ᠢᠯᠡᠷᠬᠡᠶᠢᠯᠡᠯ᠂ ᠠᠯᠪᠠᠨ ᠲᠠᠮᠠᠭ᠎ᠠ᠂ ᠪᠢᠴᠢᠭ | ᠮᠠᠲ᠋ᠧᠷᠢᠶᠠᠯ ᠤᠨ ᠲᠦᠷᠦᠭᠦᠦ᠂ ᠠᠵᠢᠯ ᠲᠥᠷᠥᠯ ᠲᠡᠮᠳᠡᠭ ᠵᠡᠷᠭᠡ ᠮᠣᠩᠭᠤᠯ ᠬᠢᠲᠠᠳ ᠦᠰᠦᠭ ᠪᠢᠴᠢᠭ ᠢ ᠵᠡᠷᠭᠡ ᠳᠤᠨᠢ | ᠬᠡᠷᠡᠭᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠵᠠᠢ︔ ᠦᠢᠯᠡᠳᠬᠦ ᠨᠢᠭᠡᠴᠡ᠂ ᠰᠡᠪᠰᠡᠯᠦᠨ ᠵᠢᠷᠤᠬᠤ ᠵᠠᠷ ᠤᠨ | ᠺᠣᠮᠫᠠᠨᠢ ᠶᠢᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠣᠨᠣᠪᠴᠢᠲᠤ ᠨᠣᠷᠮ᠎ᠠ᠂ ᠵᠢᠷᠤᠮᠵᠢᠲᠤ | ᠨᠣᠷᠮ᠎ᠠ ᠶᠢ ᠤᠯᠠᠮ ᠨᠢᠭᠡ ᠠᠯᠬᠤᠮ ᠪᠠᠲᠤᠯᠠᠬᠤ ᠪᠠ ᠳᠡᠭᠡᠭᠰᠢᠯᠡᠭᠦᠯᠪᠡ᠃ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠴᠣᠩᠬᠤ ᠵᠡᠷᠭᠡ ᠨᠢᠭᠡᠴᠡ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ | ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠦᠩᠭᠡᠨ ᠬᠡᠷᠡᠭᠯᠡᠭᠡᠨ ᠤ ᠮᠣᠩᠭᠤᠯ ᠬᠢᠲᠠᠳ | ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠠᠵᠢᠯ ᠢ ᠵᠢᠷᠤᠮᠵᠢᠭᠤᠯᠬᠤ ᠠᠬᠢᠴᠠ ᠶᠢ ᠠᠬᠢᠭᠤᠯᠵᠤ᠂ | ᠡᠯ᠎ᠡ ᠠᠵᠢᠯ ᠲᠥᠷᠥᠯ ᠳᠤ ᠮᠣᠩᠭᠤᠯ ᠦᠭᠡ ᠬᠡᠯᠡ ᠦᠰᠦᠭ ᠪᠢᠴᠢᠭ ᠤᠨ ᠲᠤᠬᠠᠶ ᠲᠥᠷᠥ ᠶᠢᠨ ᠪᠣᠳᠣᠯᠭ᠎ᠠ ᠶᠢᠨ ᠪᠦᠬᠦ | ᠲᠠᠯ᠎ᠠ ᠪᠠᠷ ᠲᠤᠤᠱᠯᠠᠭᠳᠠᠨ ᠨᠠᠶᠢᠳᠠᠪᠣᠷᠢᠵᠢᠬᠤ ᠶᠢ ᠦᠨᠡᠨᠬᠦ ᠪᠠᠲᠤᠯᠠᠵᠤ᠂ ᠪᠦᠬᠦ ᠬᠤᠲᠠ ᠶᠢᠨ ᠨᠡᠶᠢᠭᠡᠮ ᠤᠨ ᠦᠩᠭᠡᠨ | ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠳᠤᠨᠢ ᠬᠡᠷᠡᠭᠯᠡᠬᠦ ᠠᠵᠢᠯ ᠢ ᠤᠯᠠᠮ | ᠨᠢᠭᠡ ᠠᠯᠬᠤᠮ ᠵᠢᠷᠤᠮᠵᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ | |