ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ | ᠡᠭᠦᠳᠬᠦ ᠶᠢ ᠳᠥᠯᠭᠢᠨ ᠠᠬᠢᠭᠤᠯᠬᠤ ᠶᠢᠨ ᠲᠤᠰᠠᠳᠠ᠂ ᠬᠤᠲᠠ ᠶᠢᠨ ᠠᠵᠢᠯ ᠣᠯᠭᠤᠬᠤ ᠲᠣᠪᠴᠢᠶ᠎ᠠ ᠡᠨᠡ ᠵᠢᠯ ᠪᠠᠭ᠎ᠠ | ᠲᠣᠭᠠᠨ ᠤ ᠳᠠᠭᠠᠭᠠᠯᠲᠠᠲᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠣᠳᠣ ᠪᠤᠯᠬᠤ ᠳᠤ ᠨᠡᠶᠢᠲᠡ | 395 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ1975 ᠲᠦᠮᠡᠨ ᠲᠥᠭᠦᠷᠢᠭ ᠤᠨ ᠪᠠᠭ᠎ᠠ | ᠲᠣᠭᠠᠨ ᠤ ᠳᠠᠭᠠᠭᠠᠯᠲᠠᠲᠤ ᠵᠢᠭᠡᠯᠡᠯᠭᠡ ᠦᠭᠴᠦ᠂1100 ᠭᠠᠷᠤᠢ ᠬᠥᠮᠦᠨ ᠢ ᠳᠠᠶᠢᠴᠢᠯᠠᠨ ᠠᠵᠢᠯ ᠤᠯᠭᠤᠵᠤ᠂ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠷ᠎ᠡ ᠪᠦᠲᠦᠭᠡᠯ ᠢ ᠳᠠᠬᠢᠨ ᠢᠶᠠᠷ ᠨᠡᠮᠡᠭᠳᠡᠭᠦᠯᠬᠦ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ ᠡᠨᠡ ᠵᠢᠯ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ | ᠪᠠᠭ᠎ᠠ ᠲᠣᠭᠠᠨ ᠤ ᠳᠠᠭᠠᠭᠠᠯᠲᠠᠲᠤ ᠵᠢᠭᠡᠯᠡᠯᠭᠡ ᠶᠢᠨ ︽ᠴᠢᠰᠤ ᠪᠦᠲᠦᠭᠡᠬᠦ ᠬᠡᠯᠪᠡᠷᠢ︾ ᠴᠢᠳᠠᠪᠤᠷᠢ ᠪᠤᠯᠤᠨ ᠠᠵᠢᠯ | ᠣᠯᠭᠤᠯᠲᠠ ᠶᠢ ᠠᠬᠢᠭᠤᠯᠬᠤ ︽ᠬᠦᠴᠦᠨ ᠨᠡᠮᠡᠭᠳᠡᠬᠦᠯᠦᠦᠷ︾ ᠤᠨ ᠦᠢᠯᠡᠳᠦᠯ ᠢ ᠤᠷᠤᠭᠰᠢᠲᠠᠢ ᠪᠠᠳᠠᠷᠠᠭᠤᠯᠵᠤ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠳᠠᠯ ᠦᠢᠯᠡᠰ ᠴᠤᠭᠴᠠᠯᠠᠬᠤ ᠠᠵᠢᠯ ᠤᠯᠭᠤᠬᠤ ᠳᠤ | ᠲᠣᠬᠢᠶᠠᠯᠳᠤᠭᠰᠠᠨ ᠪᠡᠯᠡ ᠮᠥᠩᠭᠦ ᠶᠢᠨ ᠪᠣᠭᠤᠮᠢ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠬᠤᠲᠠ ᠶᠢᠨ | ᠳᠠᠭᠠᠭᠠᠯᠲᠠ ᠶᠢᠨ ᠲᠥᠪ ᠤᠨ ᠠᠵᠢᠯᠲᠠᠳ ᠵᠢᠭᠡᠯᠡᠯᠭᠡ ᠶᠢ ᠬᠢᠨᠠᠨ ᠵᠦᠪᠰᠢᠶᠡᠷᠡᠬᠦ ᠲᠠᠯᠪᠢᠬᠤ ᠴᠤᠪᠤᠷᠠᠯ ᠢ ᠤᠯᠠᠮ ᠨᠢᠭᠡ | ᠠᠯᠬᠤᠮ ᠵᠢᠷᠤᠮᠵᠢᠭᠤᠯᠵᠤ᠂ ᠨᠡᠶᠢᠭᠡᠮ ᠲᠣᠭᠤᠷᠢᠭ ᠯᠤᠭ᠎ᠠ ᠵᠤᠬᠢᠴᠠᠨ ᠬᠠᠮᠵᠢᠯᠴᠠᠬᠤ ᠡᠷᠴᠢᠮ ᠢ ᠴᠢᠩᠭᠠᠯᠠᠵᠤ᠂ | ᠵᠢᠭᠡᠯᠡᠯᠭᠡ ᠭᠤᠶᠤᠴᠢᠯᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠤᠯᠭᠠᠨ ᠳᠤ ᠤᠴᠢᠨ | ᠪᠠᠶᠢᠴᠠᠭᠠᠯᠲᠠ ᠬᠢᠵᠦ᠂ ᠵᠣᠭᠤᠰ ᠵᠢᠭᠡᠯᠡᠭᠴᠢ ᠶᠢᠨ ᠬᠢᠷᠢ ᠬᠡᠮ ᠢ ᠲᠥᠷᠥ ᠶᠢᠨ ᠪᠣᠳᠣᠯᠭ᠎ᠠ ᠶᠢᠨ ᠲᠤᠭᠲᠠᠭᠠᠯ ᠶᠤᠰᠤᠭᠠᠷ | ᠴᠢᠩᠭ᠎ᠠ ᠬᠢᠨᠠᠨ ᠪᠠᠶᠢᠴᠠᠭᠠᠵᠤ᠂ ᠪᠠᠭ᠎ᠠ ᠲᠣᠭᠠᠨ ᠤ ᠵᠢᠭᠡᠯᠡᠯᠭᠡ ᠶᠢᠨ ᠰᠠᠶᠢᠨ ᠰᠠᠶᠢᠬᠠᠨ ᠡᠷᠬᠢᠯᠲᠡ ᠳᠤ ᠪᠦᠲᠦᠮᠵᠢᠲᠡᠶ | ᠪᠠᠲᠤᠯᠠᠭ᠎ᠠ ᠬᠠᠨᠭ᠍ᠭᠠᠵᠤ ᠦᠭᠪᠡ᠃ |