︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠳᠦᠷᠢᠮ ︵ᠲᠦᠰᠦᠯ ᠤᠨ ᠵᠠᠰᠠᠪᠤᠷᠢ ᠤᠷᠤᠭᠤᠯᠤᠭᠰᠠᠨ ᠨᠣᠣᠷᠠᠭ︶︾᠎ ᠎ ᠢ ᠢᠯᠡ ᠪᠠᠷ ᠰᠠᠨᠠᠯ ᠰᠣᠨᠣᠰᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2015/7/14
     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠳᠦᠷᠢᠮ ︵ᠲᠦᠰᠦᠯ ᠤᠨ ᠵᠠᠰᠠᠪᠤᠷᠢ ᠤᠷᠤᠭᠤᠯᠤᠭᠰᠠᠨ ᠨᠣᠣᠷᠠᠭ︶︾᠎ ᠢ ᠬᠢᠨᠠᠨ ᠵᠦᠪᠯᠡᠬᠦ ᠪᠠᠷ ᠪᠠᠶᠢᠨ᠎ᠠ᠃ ᠤᠳᠤ ᠲᠤᠰ ᠳᠦᠷᠢᠮ ︵ᠲᠦᠰᠦᠯ ᠤᠨ ᠵᠠᠰᠠᠪᠤᠷᠢ ᠤᠷᠤᠭᠤᠯᠤᠭᠰᠠᠨ ᠨᠣᠣᠷᠠᠭ︶᠎ ᠤᠨ ᠪᠦᠬᠦ ᠠᠭᠤᠯᠭ᠎ᠠ ᠶᠢ ᠨᠡᠶᠢᠲᠡᠯᠡᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠤᠨᠤᠰᠤᠶ᠎ᠠ᠃ ᠵᠠᠰᠠᠪᠤᠷᠢ ᠣᠷᠣᠭᠤᠯᠬᠤ ᠰᠠᠨᠠᠯ ᠪᠤᠯᠤᠨ ᠰᠠᠨᠠᠭᠤᠯᠭ᠎ᠠ ᠪᠠᠨ 2015 ᠤᠨ ᠤ 7 ᠳ᠋ᠤᠭᠠᠷ ᠰᠠᠷ᠎ᠠ ᠶᠢᠨ 23᠎ ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠦᠪᠯᠡᠯ ᠳᠤ ᠳᠡᠪᠰᠢᠭᠦᠯᠬᠦ ᠪᠤᠯᠪᠠᠤ᠃      ᠬᠠᠷᠢᠯᠴᠠᠬᠤ ᠬᠥᠮᠦᠨ᠄ ᠰᠢᠤᠢ ᠶᠠ ᠯᠤ᠋      ᠬᠠᠷᠢᠯᠴᠠᠬᠤ ᠳ᠋ᠢᠶᠠᠩᠬᠤᠸᠠ᠄ 0471-6656281 ︵ᠹᠠᠺᠰ︶      ᠡᠯᠧᠺᠲᠷᠣᠨ ᠰᠢᠤᠳᠠᠨ ᠬᠠᠶᠢᠷᠴᠠᠭ ᠤᠨ ᠬᠠᠶ᠋ᠢᠭ᠄xyl_rd @ 163.com      ᠵᠠᠬᠢᠳᠠᠯ ᠨᠡᠪᠲᠡᠷᠡᠬᠦ ᠬᠠᠶ᠋ᠢᠭ᠄ ᠬᠥᠬᠡᠬᠤᠲᠠ ᠶᠢᠨ ᠵᠦᠡᠭᠱᠠᠨ ᠵᠡᠬᠦᠨ ᠵᠠᠮ ᠤᠨ 3 ᠳ᠋ᠤᠭᠠᠷ ᠨᠤᠮᠧᠷ      ᠰᠢᠤᠳᠠᠨ ᠳ᠋ᠤᠭᠠᠷ᠄ 010020         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ         ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ                     2015 ᠤᠨ ᠤ 7 ᠳ᠋ᠤᠭᠠᠷ ᠰᠠᠷ᠎ᠠ ᠶᠢᠨ 13᠎ ᠤ ᠡᠳᠦᠷ      【ᠬᠤᠯᠪᠣᠭᠳᠠᠯ ᠪᠦᠬᠦᠢ ᠠᠭᠤᠯᠭ᠎ᠠ      ᠬᠥᠷᠥᠰᠥ ᠰᠢᠷᠣᠶ ᠶᠢᠨ ᠡᠬᠢ ᠪᠠᠶᠠᠯᠢᠭ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠦᠭᠵᠢᠬᠦ ᠶᠢᠨ ᠦᠨᠳᠦᠰᠦᠨ ᠪᠣᠳᠠᠰ ᠤᠨ ᠨᠥᠬᠦᠴᠡᠯ ᠪᠤᠯᠬᠤ ᠪᠦᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠭᠤᠷᠢ ᠡᠬᠢ ᠪᠠᠶᠠᠯᠢᠭ ᠪᠤᠯᠤᠨ᠎ᠠ᠃ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠨᠢ ᠬᠥᠷᠥᠰᠥ ᠰᠢᠷᠣᠶ ᠶᠢᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠬᠦᠯᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠪᠣᠯ ᠪᠦᠬᠦ ᠤᠯᠤᠰ ᠤᠨ ᠬᠥᠷᠥᠰᠥ ᠰᠢᠷᠣᠶ ᠶᠢᠨ ᠢᠳᠡᠭᠳᠡᠯ ᠢᠶᠠᠷ ᠬᠠᠮᠤᠭ ᠤᠨ ᠬᠦᠨᠳᠦ ᠨᠣᠴᠢᠲᠠᠶ ᠮᠤᠵᠢ ᠣᠷᠣᠨ ᠤ ᠨᠢᠭᠡ ᠪᠤᠯᠬᠤ ᠪᠦᠭᠡᠳ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠶ ᠨᠢ ᠶᠡᠭᠡ᠂ ᠲᠠᠷᠬᠠᠯᠲᠠ ᠨᠢ ᠥᠷᠭᠡᠨ᠂ ᠢᠳᠡᠭᠳᠡᠭᠰᠡᠨ ᠲᠥᠷᠥᠯ ᠨᠢ ᠣᠯᠠᠨ ᠪᠠᠶᠢᠳᠠᠭ᠃ 2011 ᠣᠨ ᠤ ᠪᠦᠬᠦ ᠤᠯᠤᠰ ᠤᠨ ᠤᠰᠤᠨ ᠠᠰᠢᠭᠯᠠᠯᠲᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠣᠷᠣᠨ ᠤ ᠬᠥᠷᠥᠰᠥᠨ ᠤ ᠢᠳᠡᠭᠳᠡᠯ ᠤᠨ ᠲᠠᠯᠠᠪᠠᠶ 64.95 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠦᠬᠦ ᠣᠷᠣᠨ ᠤ ᠶᠡᠷᠦᠩᠬᠡᠶ ᠲᠠᠯᠠᠪᠠᠶ ᠶᠢᠨ 55 %᠎ ᠶᠢ ᠡᠵᠡᠯᠡᠵᠦ᠂ ᠤᠰᠤ᠂ ᠰᠠᠯᠬᠢᠨ ᠳᠤ ᠢᠳᠡᠭᠳᠡᠭᠰᠡᠨ ᠲᠠᠯᠠᠪᠠᠶ ᠨᠢ ᠴᠥᠮ ᠪᠦᠬᠦ ᠤᠯᠤᠰ ᠤᠨ ᠬᠤᠶᠠᠳᠤᠭᠠᠷ ᠲᠤ ᠣᠷᠣᠵᠤ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠡᠭᠦᠷᠭᠡ ᠨᠦᠰᠡᠷ ᠬᠦᠨᠳᠦ ᠪᠠᠶᠢᠨ᠎ᠠ᠃ ᠢᠯᠠᠩᠭᠤᠶ᠎ᠠ᠂ ᠮᠠᠨ ᠤ ᠣᠷᠣᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢᠨ ᠲᠦᠷᠭᠡᠳᠬᠦ ᠶᠢ ᠳᠠᠭᠠᠯᠳᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠭᠡ ᠬᠡᠮᠵᠢᠶ᠎ᠡ ᠪᠠᠷ ᠨᠡᠭᠡᠭᠡᠨ᠂ ᠵᠣᠷᠢᠭᠤᠳᠠ ᠪᠤᠶ ᠪᠣᠯᠭᠠᠭᠰᠠᠨ ᠬᠥᠷᠥᠰᠥ ᠰᠢᠷᠣᠶ ᠶᠢᠨ ᠢᠳᠡᠭᠳᠡᠯ ᠨᠢ ᠤᠤᠯ ᠠᠴᠠ ᠪᠠᠨ ᠮᠠᠰᠢ ᠬᠡᠪᠡᠷᠡᠭ ᠪᠠᠶᠢᠭᠰᠠᠨ ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠪᠠ ᠡᠪᠳᠡᠯᠡᠭᠡ ᠶᠢ ᠲᠠᠰᠤᠷᠠᠯᠲᠠ ᠦᠭᠡᠶ ᠬᠤᠷᠴᠠᠳᠬᠠᠭᠰᠠᠨ ᠪᠠᠶᠢᠨ᠎ᠠ᠃ 2010 ᠣᠨ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾᠎ ᠳᠤ ᠵᠠᠰᠠᠪᠤᠷᠢ ᠣᠷᠣᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ᠂ ᠰᠡᠷᠭᠡᠶᠢᠯᠡᠬᠦ᠂ ᠵᠠᠰᠠᠬᠤ᠂ ᠨᠦᠬᠦᠪᠦᠷᠢ ᠥᠭᠬᠦ ᠵᠡᠷᠭᠡ ᠳᠦᠷᠢᠮ ᠢ ᠲᠡᠭᠦᠯᠳᠡᠷᠵᠢᠭᠦᠯᠦᠨ᠂ ᠰᠢᠳᠭᠡᠨ ᠲᠤᠷᠭᠠᠬᠤ ᠡᠷᠴᠢᠮ ᠢ ᠴᠢᠩᠭᠠᠷᠠᠭᠤᠯᠪᠠ᠃ 1993 ᠣᠨ ᠳᠤ ᠨᠡᠶᠢᠲᠡᠯᠡᠵᠤ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ﹀᠎ ᠶᠢ ᠬᠡᠷᠡᠭᠵᠢᠭᠦᠯᠬᠦ ᠠᠷᠭ᠎ᠠ︾ ᠬᠢᠭᠡᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠶᠢᠨ ᠣᠷᠣᠰᠢᠵᠤ ᠪᠠᠶᠢᠭ᠎ᠠ ᠮᠠᠰᠢ ᠠᠷᠪᠢᠨ ᠨᠢᠭᠡᠳᠦᠯ ᠦᠭᠡᠢ ᠭᠠᠵᠠᠷ ᠤᠷᠤᠰᠢᠵᠤ ᠪᠠᠶᠢᠭ᠎ᠠ ᠲᠤᠯᠠ᠂ ᠬᠥᠷᠥᠰᠥ ᠰᠢᠷᠣᠶ ᠶᠢ ᠬᠠᠮᠠᠭᠠᠯᠠᠬᠤ ᠰᠢᠨ᠎ᠡ ᠳᠦᠷᠢᠮ ᠢ ᠨᠡᠶᠢᠲᠡᠯᠡᠨ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠬᠤ ᠴᠢᠬᠤᠯᠠᠲᠠᠢ ᠪᠠᠶᠢᠨ᠎ᠠ᠃      ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ ᠤᠨ ᠨᠣᠣᠷᠠᠭ︶᠎ ᠨᠢ ᠭᠤᠣᠯᠳᠠᠭᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠵᠡᠷᠭᠡ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠦᠨᠳᠦᠰᠦ ᠪᠠᠷᠢᠮᠲᠠ ᠪᠣᠯᠭᠠᠵᠤ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠬᠦ ᠪᠠ ᠵᠠᠰᠠᠬᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠪᠠᠲᠤᠯᠠᠬᠤ ᠪᠠᠷ ᠵᠣᠷᠢᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠥᠷᠥᠰᠥ ᠰᠢᠷᠣᠶ ᠶᠢ ᠬᠠᠮᠠᠭᠠᠯᠠᠬᠤ ᠳᠤ ᠵᠢᠷᠤᠮᠯᠠᠬᠤ ᠬᠡᠷᠡᠭᠲᠠᠢ ᠵᠠᠷᠴᠢᠮ᠂ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ᠂ ᠰᠡᠷᠭᠡᠶᠢᠯᠡᠬᠦ᠂ ᠵᠠᠰᠠᠬᠤ ᠪᠠ ᠬᠢᠨᠠᠨ ᠬᠡᠮᠵᠢᠬᠦ ᠬᠢᠭᠡᠳ ᠬᠢᠨᠠᠯᠲᠠ ᠲᠠᠯᠪᠢᠬᠤ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠲᠣᠭᠲᠠᠭᠠᠯ ᠭᠠᠷᠭᠠᠭᠰᠠᠨ ᠪᠠᠶᠢᠨ᠎ᠠ᠃      ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠳᠦᠷᠢᠮ ︵ᠲᠦᠰᠦᠯ ᠤᠨ ᠵᠠᠰᠠᠪᠤᠷᠢ ᠤᠷᠤᠭᠤᠯᠤᠭᠰᠠᠨ ᠨᠣᠣᠷᠠᠭ︶︾
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号