ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠰᠢᠰᠲ᠋ᠧᠮ ᠤᠨ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠠᠵᠢᠯ ᠤᠨ ᠬᠤᠷᠠᠯᠳᠤᠭᠠᠨ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/7/15
     ᠣᠶᠢᠷ᠎ᠠ ᠳᠤ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠰᠢᠰᠲ᠋ᠧᠮ ᠤᠨ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠠᠵᠢᠯ ᠤᠨ ᠬᠤᠷᠠᠯᠳᠤᠭᠠᠨ ᠬᠦᠬᠡᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠨ ᠵᠢᠶᠧ᠂ ᠳᠡᠳ᠋ ᠲᠣᠭᠤᠷᠢᠨ ᠪᠠᠶᠢᠴᠠᠭᠠᠭᠴᠢ ᠯᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠠᠯᠪᠠᠨ ᠭᠡᠷ᠂ ᠬᠠᠤᠯᠢ ᠲᠣᠭᠲᠠᠭᠠᠯ ᠤᠨ ᠭᠠᠵᠠᠷ᠂ ᠠᠵᠤ ᠠᠬᠤᠶᠢᠯᠠᠯ ᠤᠨ ᠭᠠᠵᠠᠷ᠂ ᠭᠠᠳᠠᠭᠠᠳᠤ ᠪᠡᠯᠡ ᠶᠢᠨ ᠭᠠᠵᠠᠷ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠭᠡ ᠭᠠᠵᠠᠷ᠂ ᠮᠡᠳᠡᠭᠡ ᠵᠠᠩᠭᠢ ᠶᠢᠨ ᠲᠥᠪ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ᠂ ᠠᠵᠤ ᠠᠬᠤᠶᠢᠯᠠᠯ ᠪᠦᠷᠢᠳᠬᠡᠬᠦ ᠪᠠ ᠬᠢᠨᠠᠨ ᠬᠠᠮᠢᠶᠠᠷᠬᠤ ᠪᠠᠶᠢᠭᠤᠯᠤᠮᠵᠢ ᠶᠢᠨ  ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃      ᠴᠧᠨ ᠵᠢᠶᠧ ᠲᠣᠪᠴᠢᠶᠠᠨ ᠳᠠᠷᠤᠭ᠎ᠠ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ 2014 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ  ᠨᠡᠶᠢᠲᠡᠯᠡᠬᠦ ᠠᠵᠢᠯ ᠢ ᠡᠬᠢᠯᠡᠭᠦᠯᠦᠭᠰᠡᠨ ᠠᠴᠠ ᠠᠪᠤᠭᠠᠳ ᠡᠨᠡ ᠵᠢᠯ ᠤᠨ6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠠᠵᠢᠯ ᠳᠠᠭᠤᠰᠴᠤ᠂ ᠣᠬᠤᠷᠬᠠᠨ 9 ᠰᠠᠷ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠰᠢᠰᠲ᠋ᠧᠮ ᠪᠠᠶᠢᠭᠤᠯᠤᠯ ᠢ ᠲᠣᠬᠢᠷᠠᠭᠤᠯᠬᠤ᠂ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠬᠦ᠂ ᠵᠠᠷᠤᠳᠠᠯ ᠬᠦᠷᠦᠯᠴᠡᠬᠦ ᠦᠭᠡᠶ᠂ ᠨᠡᠶᠢᠭᠡᠮ ᠤᠨ ᠬᠢᠨ ᠤ ᠲᠠᠨᠢᠯᠲᠠ ᠲᠤᠲᠠᠮᠠᠭ᠂ ᠢᠵᠢ ᠪᠦᠷᠢᠳᠦᠭᠰᠡᠨ ᠳᠦᠷᠢᠮ ᠬᠠᠷᠠᠬᠠᠨ ᠲᠡᠭᠦᠯᠳᠡᠷᠵᠢᠭᠡᠳᠦᠶ ᠵᠡᠷᠭᠡ ᠣᠯᠠᠨ ᠬᠦᠴᠢᠷᠳᠡᠯ ᠢ ᠢᠯᠠᠨ ᠳᠠᠪᠠᠵᠤ᠂ ᠶᠡᠭᠡ ᠬᠡᠮᠵᠢᠶᠡᠨ ᠤ ᠨᠠᠷᠢᠨ ᠨᠢᠮᠪᠠᠢ ᠬᠦᠨ ᠭᠦᠨᠵᠡᠭᠡᠢ ᠠᠵᠢᠯ ᠢ ᠬᠢᠵᠦ᠂ ᠪᠦᠬᠦ ᠣᠷᠣᠨ ᠤ 2013 ᠣᠨ ᠪᠠ 2014 ᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠮᠡᠳᠡᠭᠡ ᠵᠠᠩᠬᠢ ᠶᠢ ᠵᠠᠷᠯᠠᠨ ᠨᠡᠶᠢᠲᠡᠯᠡᠭᠰᠡᠨ ᠬᠡᠮᠵᠢᠶ᠎ᠡ ᠲᠤᠰ ᠲᠤᠰ 87.85 ᠲᠦᠮᠡᠨ ᠡᠷᠦᠬᠡ  ᠪᠠ 116.07 ᠲᠦᠮᠡᠨ ᠡᠷᠦᠬᠡ ᠪᠠᠶᠢᠵᠤ᠂ ᠶᠡᠷᠦᠩᠬᠡᠶᠢᠯᠡᠭᠰᠡᠨ  ᠣᠨ ᠤ ᠮᠡᠳᠡᠭᠦᠯᠦᠯᠲᠡ ᠶᠢᠨ ᠨᠣᠷᠮ᠎ᠠ ᠴᠥᠮ 92%᠎ ᠢ ᠳᠠᠪᠠᠵᠤ᠂ ᠡᠭᠦᠨ ᠳᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠴᠦᠮ 86%᠎ ᠶᠢ ᠳᠠᠪᠠᠭᠰᠠᠨ ᠪᠠᠶᠢᠨ᠎ᠠ᠂ ᠠᠵᠤ ᠠᠬᠤᠶ ᠶᠢᠨ ᠤᠷᠤᠭᠤᠳᠠᠬᠤ ᠳᠠᠷᠤᠯᠲᠠ  ᠨᠡᠮᠡᠭᠳᠡᠭᠰᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠨᠦᠯᠦᠭᠡᠯᠡᠭᠳᠡᠭᠰᠡᠨ ᠪᠠᠶᠢᠳᠠᠯ ᠤᠨ ᠳᠣᠣᠷ᠎ᠠ᠂ ᠬᠤᠶᠠᠷ ᠣᠨ ᠤ ᠮᠡᠳᠡᠭᠦᠯᠦᠯᠲᠡ ᠶᠢᠨ ᠮᠡᠳᠡᠭᠡ ᠵᠠᠩᠬᠢ ᠶᠢᠨ ᠵᠠᠷᠯᠠᠨ ᠨᠡᠶᠢᠲᠡᠯᠡᠬᠦ ᠠᠵᠢᠯ ᠤᠨ   ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠱᠠᠲᠤ ᠦᠶ᠎ᠡ ᠶᠢᠨ ᠴᠢᠨᠠᠷᠲᠠᠶ ᠮᠠᠰᠢ ᠰᠠᠶᠢᠨ ᠦᠷ᠎ᠡ ᠪᠦᠲᠦᠭᠡᠯ ᠣᠯᠤᠭᠰᠠᠨ ᠪᠠᠶᠢᠨ᠎ᠠ᠃ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ  ᠵᠠᠷᠯᠠᠨ ᠨᠡᠶᠢᠲᠡᠯᠡᠬᠦ ᠶᠢ ᠳᠥᠯᠭᠢᠨ ᠠᠬᠢᠭᠤᠯᠬᠤ ᠠᠵᠢᠯ ᠤᠨ ᠳᠤᠮᠳᠠ ᠲᠠᠪᠤᠨ ᠢᠯᠡ ᠲᠣᠳᠣ ᠣᠨᠴᠠᠯᠢᠭ ᠢ ᠬᠠᠷᠠᠭᠤᠯᠵᠠᠢ ᠄ ᠨᠢᠭᠡ ᠳᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ︔ ᠬᠤᠶᠠᠷ ᠲᠤ ᠲᠣᠬᠢᠷᠠᠭᠤᠯᠤᠨ  ᠪᠠᠶᠢᠷᠢᠯᠠᠭᠤᠯᠤᠭᠰᠠᠨ ᠨᠢ ᠰᠠᠶᠢᠨ︔ ᠭᠤᠷᠪᠠ ᠳᠤ ᠲᠠᠪᠴᠠᠩ ᠤᠨ ᠪᠠᠶᠢᠭᠤᠯᠤᠯᠲᠠ ᠨᠢ ᠴᠠᠭ ᠲᠤᠬᠠᠢ ᠳᠠᠭᠠᠨ︔ ᠳᠥᠷᠪᠡ ᠳᠤ ᠪᠦᠬᠦ ᠠᠵᠢᠯᠲᠠᠨ ᠲᠥᠪᠯᠡᠷᠡᠭᠦᠯᠦᠨ ᠪᠡᠷᠭᠡ ᠠᠰᠠᠭᠤᠳᠠᠯ ᠢ ᠰᠢᠢᠳᠪᠦᠷᠢᠯᠡᠪᠡ︔ ᠲᠠᠪᠤ ᠳᠤ ᠦᠨᠳᠦᠰᠦᠨ ᠱᠠᠲᠤᠨ ᠤ ᠰᠢᠨ᠎ᠡ ᠶᠢ ᠡᠭᠦᠳᠦᠭᠰᠡᠨ ᠰᠢᠪᠲᠤᠯᠤᠯᠲᠠ ᠪᠣᠯᠣᠨ᠎ᠠ ᠭᠡᠵᠡᠢ᠃      ᠴᠧᠨ ᠵᠢᠶᠧ ᠲᠣᠪᠴᠢᠶᠠᠨ ᠳᠠᠷᠤᠭ᠎ᠠ ᠶᠢᠨ ᠦᠵᠡᠬᠦ ᠢᠶᠠᠷ᠂ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠠᠵᠢᠯ ᠪᠣᠯ ᠨᠢᠳᠤᠨᠤᠨ ᠤ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠰᠢᠰᠲ᠋ᠧᠮ ᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠭᠰᠡᠨ ᠠᠴᠠ ᠨᠠᠰᠢᠬᠢ᠂  ᠪᠦᠬᠦ ᠰᠢᠰᠲ᠋ᠧᠮ ᠢᠶᠠᠷ ᠢᠶᠠᠨ ᠠᠩᠬ᠎ᠠ ᠤᠳᠠᠭ᠎ᠠ ᠪᠠᠶᠢᠷᠢᠯᠠᠭᠤᠯᠵᠤ᠂ ᠪᠦᠬᠦ ᠰᠢᠰᠲ᠋ᠧᠮ ᠢᠶᠠᠷ ᠢᠶᠠᠨ ᠬᠦᠳᠡᠯᠦᠯᠴᠡᠭᠰᠡᠨ ᠪᠦᠬᠦ ᠲᠠᠯ᠎ᠠ ᠶᠢᠨ ᠴᠢᠨᠠᠷᠲᠠᠢ ᠠᠵᠢᠯ ᠪᠣᠯᠣᠨ᠎ᠠ᠂  ᠠᠩᠬᠠᠨ ᠳᠠᠭᠠᠨ ᠪᠡᠶᠡᠯᠡᠭᠦᠯᠬᠦ ᠳᠤ ᠪᠡᠷᠬᠡᠲᠡᠢ ᠭᠡᠵᠦ ᠦᠵᠡᠵᠦ ᠪᠠᠶᠢᠭᠰᠠᠨ ᠡᠨᠡ ᠤᠳᠠᠭᠠᠨ ᠤ ᠪᠠᠬᠢᠯᠡᠯᠲᠡ ᠰᠢᠪᠲᠤᠯᠬᠤ ᠪᠠᠶᠢᠯᠳᠤᠭᠠᠨ ᠳᠤ ᠢᠯᠠᠵᠤ᠂ ᠰᠢᠯᠭᠠᠯᠲᠠ ᠶᠢ  ᠳᠠᠭᠠᠭᠠᠵᠤ ᠭᠠᠷᠤᠭᠰᠠᠨ ᠪᠠᠶᠢᠨ᠎ᠠ᠃ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠨᠤᠭᠤᠳ ᠳᠡᠭᠡᠷ᠎ᠡ ᠳᠣᠣᠷ᠎ᠠ ᠬᠢ ᠶᠢᠨ ᠰᠡᠳᠬᠢᠯ ᠨᠢᠭᠡᠳᠴᠦ᠂  ᠠᠯᠬᠤᠮ ᠢᠶᠠᠨ ᠨᠢᠭᠡᠳᠬᠡᠳᠡᠭ ᠯᠠ ᠶᠤᠮ ᠪᠣᠯ ᠳᠠᠪᠠᠵᠤ ᠭᠠᠷᠤᠰᠢ ᠦᠭᠡᠶ ᠪᠡᠷᠬᠡᠰᠢᠶᠡᠯ ᠪᠣᠯᠣᠨ ᠥᠷᠢᠰᠥᠯᠳᠦᠭᠡᠨ ᠭᠡᠵᠦ ᠦᠭᠡᠶ ᠶᠤᠮ᠃  ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠰᠢᠰᠲ᠋ᠧᠮ ᠤᠨ ᠬᠢᠨ ᠰᠢᠯᠢᠳᠡᠭ ᠰᠠᠶᠢᠨ ᠠᠵᠢᠯ ᠤᠨ ᠣᠪᠣᠷ ᠰᠤᠷᠲᠠᠯ ᠢ ᠪᠠᠷᠢᠮᠲᠠᠯᠠᠭᠰᠠᠨ ᠪᠦᠭᠡᠳ ᠤᠯᠠᠮᠵᠢᠯᠠᠭᠰᠠᠨ᠂ ᠨᠠᠮ ᠤᠨ ᠵᠢᠯᠣᠭᠤᠳᠣᠯᠭ᠎ᠠ ᠶᠢ ᠳᠠᠭᠠᠳᠠᠭ᠂ ᠣᠪᠣᠷ ᠰᠤᠷᠲᠠᠯ ᠢᠶᠠᠷ ᠰᠠᠶᠢᠨ᠂ ᠶᠠᠮᠠᠷ ᠨᠢᠭᠡᠨ ᠪᠠᠶᠢᠳᠠᠯ ᠳᠤ ᠴᠦ ᠳᠣᠬᠢᠷᠠᠵᠤ ᠴᠢᠳᠠᠬᠤ᠂ ᠣᠨᠴᠠᠭᠠᠶᠢᠯᠠᠨ ᠪᠡᠷᠬᠡᠰᠢᠶᠡᠯ ᠢ ᠳᠠᠭᠠᠭᠠᠵᠤ ᠴᠢᠳᠠᠬᠤ᠂ ᠪᠠᠶᠢᠯᠳᠤᠵᠤ ᠴᠢᠳᠠᠬᠤ ᠨᠢᠭᠡᠨ ᠰᠠᠯᠠᠭ᠎ᠠ ᠡᠩᠨᠡᠭᠡ ᠪᠣᠯᠬᠤ ᠶᠢ ᠦᠢᠯᠡᠳᠦᠯᠭᠡ ᠭᠡᠷᠡᠴᠢᠯᠡᠪᠡ᠃ ᠴᠧᠨ ᠵᠢᠶᠧ ᠲᠣᠪᠴᠢᠶᠠᠨ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢ ᠲᠥᠯᠥᠭᠡᠯᠡᠨ ᠪᠦᠬᠦ ᠣᠷᠣᠨ ᠳᠤ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠠᠵᠢᠯ ᠎ ᠳᠤ ᠴᠥᠬᠦᠷᠡᠰᠢ ᠦᠭᠡᠶ ᠴᠢᠷᠮᠠᠶᠢᠯᠭ᠎ᠠ ᠪᠠ ᠰᠢᠷᠭᠠᠭᠤ ᠬᠠᠲᠠᠭᠤᠵᠢᠯᠲᠠᠶ ᠪᠠᠷ ᠬᠦᠴᠦ ᠬᠥᠯᠥᠰᠥ ᠪᠠᠨ ᠡᠷᠭᠦᠭᠰᠡᠨ ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ ᠮᠡᠨᠳᠦᠴᠢᠯᠡᠯ ᠢᠶᠠᠨ ᠳᠡᠪᠰᠢᠭᠦᠯᠪᠡ︕      ᠲᠣᠪᠴᠢᠶᠠᠨ ᠳᠠᠷᠤᠭ᠎ᠠ ᠴᠧᠨ ᠵᠢᠶᠧ ᠴᠢᠬᠤᠯᠠᠴᠢᠯᠠᠭᠰᠠᠨ ᠨᠢ᠂ 2013 ᠣᠨ ᠬᠢᠭᠡᠳ 2014 ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠠᠵᠢᠯ ᠦᠨᠳᠦᠰᠦᠨ ᠳᠡᠭᠡᠨ ᠳᠠᠭᠤᠰᠴᠤ᠂ ᠡᠭᠦᠨ ᠳᠤ ᠪᠠᠰᠠ ᠡᠳᠦᠶ ᠲᠡᠳᠦᠶ ᠬᠦᠷᠦᠯᠴᠡᠬᠦ ᠦᠭᠡᠶ ᠲᠠᠯ᠎ᠠ ᠣᠷᠣᠰᠢᠵᠤ ᠪᠠᠶᠢᠬᠤ ᠪᠦᠭᠡᠳ ᠵᠠᠯᠭᠠᠮᠵᠢ ᠠᠵᠢᠯ ᠢ ᠬᠢᠨᠠᠮᠠᠭᠠᠶ ᠳ᠋ᠦᠡᠭᠨᠡᠨ ᠵᠠᠳᠠᠯᠬᠤ ᠪᠠ ᠰᠤᠳᠤᠯᠤᠨ ᠰᠢᠢᠳᠪᠦᠷᠢᠯᠡᠵᠤ᠂ ᠬᠠᠮᠢᠶ᠎ᠠ ᠪᠦᠬᠦᠢ ᠳᠦᠷᠢᠮ ᠪᠤᠯᠤᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠶ ᠲᠡᠭᠦᠯᠳᠡᠷᠵᠢᠭᠦᠯᠦᠨ ᠪᠦᠷᠢᠨᠰᠢᠭᠦᠯᠵᠤ᠂ ᠬᠤᠶᠢᠰᠢᠳᠠ ᠶᠢᠨ ᠣᠨ ᠤ ᠮᠡᠳᠡᠭᠦᠯᠦᠯᠲᠡ ᠶᠢᠨ ᠮᠡᠳᠡᠭᠡ ᠵᠠᠩᠬᠢ ᠵᠠᠷᠯᠠᠨ ᠨᠡᠶᠢᠲᠡᠯᠡᠬᠦ ᠠᠵᠢᠯ ᠳᠤ ᠰᠠᠭᠤᠷᠢ ᠲᠠᠯᠪᠢᠵᠤ ᠦᠭᠭᠦ ᠬᠡᠷᠡᠭᠲᠠᠢ ᠴᠢᠬᠤᠯᠠᠲᠠᠢ ᠪᠠᠶᠢᠨ᠎ᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠪᠡᠷᠬᠡ ᠶᠢ ᠳᠤᠭᠤᠯᠬᠤ ᠱᠠᠲᠤ ᠦᠶ᠎ᠡ ᠪᠠ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠤᠷᠤᠭᠠᠳ᠂ ᠲᠤᠯᠭᠠᠷᠠᠵᠤ ᠪᠠᠶᠢᠭ᠎ᠠ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠭ᠎ᠠ ᠲᠤᠯᠠ᠂ ᠳᠠᠷᠠᠭᠠᠴᠢ ᠶᠢᠨ ᠠᠯᠬᠤᠮ ᠳᠤ ᠡᠨᠡ ᠤᠨ ᠤ ᠮᠡᠳᠡᠭᠦᠯᠦᠯᠲᠡ ᠶᠢᠨ ᠮᠡᠳᠡᠭᠡ ᠵᠠᠩᠬᠢ ᠶᠢ ᠵᠠᠷᠯᠠᠨ ᠨᠡᠶᠢᠲᠡᠯᠡᠬᠦ ᠠᠵᠢᠯ ᠤᠨ ᠳᠤᠮᠳᠠ ᠪᠦᠯᠬᠦᠮᠳᠡᠨ ᠨᠢᠭᠡᠳᠴᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠤᠯᠡᠵᠤ᠂ ᠤᠷᠤᠭᠰᠢᠯᠠᠨ ᠳᠡᠪᠰᠢᠵᠦ ᠠᠵᠢᠯ ᠦᠢᠯᠡᠰ ᠪᠦᠲᠦᠭᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠨᠠᠢᠮᠠᠨ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄ ᠨᠢᠭᠡ ᠳᠤ ︽ᠨᠢᠭᠡ ᠳᠦᠷᠢᠮ ᠲᠠᠪᠤᠨ ᠠᠷᠭ᠎ᠠ︾᠎ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠬᠦᠢᠴᠡᠳᠭᠡᠬᠦ ᠬᠡᠷᠡᠭᠲᠠᠢ᠃ ᠬᠤᠶᠠᠷ ᠲᠤ ︽ᠭᠤᠷᠪᠠᠨ ᠦᠨᠡᠮᠯᠡᠯ ᠢ ᠨᠢᠭᠡᠳᠭᠡᠨ᠂ ᠨᠢᠭᠡ ᠦᠨᠡᠮᠯᠡᠯ ᠨᠢᠭᠡ ᠳ᠋ᠤᠭᠠᠷ︾ ᠪᠤᠯᠭᠠᠬᠤ ᠥᠭᠡᠷᠡᠴᠢᠯᠡᠯᠲᠡ ᠶᠢ ᠶᠡᠬᠡᠪᠡᠷ ᠳᠥᠯᠭᠢᠨ ᠠᠬᠢᠭᠤᠯᠵᠤ᠂ ᠱᠠᠯᠠᠪᠳᠠᠨ ᠲᠥᠰᠦᠯ ᠨᠡᠶᠢᠲᠡᠯᠡᠵᠤ᠂ ᠪᠠᠶᠢᠭᠤᠯᠤᠯ ᠪᠠᠶᠢᠭᠤᠯᠤᠨ᠂ ᠲᠠᠪᠴᠠᠩ ᠪᠠᠶᠢᠭᠤᠯᠵᠤ᠂ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠪᠦᠬᠦ ᠣᠷᠣᠨ ᠳᠤ ᠪᠦᠬᠦ ᠲᠠᠯ᠎ᠠ ᠪᠠᠷ ᠳᠡᠯᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠠᠢ᠃ ᠭᠤᠷᠪᠠ ᠳᠤ ᠳᠠᠩᠰᠠᠯᠠᠭᠤᠯᠤᠨ ᠪᠦᠷᠢᠳᠭᠡᠯᠭᠡᠬᠦ ᠪᠦᠬᠦ ᠶᠠᠪᠤᠴᠠ ᠶᠢᠨ ᠡᠯᠧᠺᠲᠷᠤᠨᠴᠢᠯᠡᠬᠦ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠢᠳᠡᠪᠬᠢᠲᠡᠶ ᠪᠠᠷ ᠳᠥᠯᠭᠢᠨ ᠠᠬᠢᠭᠤᠯᠬᠤ ᠬᠡᠷᠡᠭᠲᠠᠢ᠃ ᠳᠥᠷᠪᠡ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠦᠭᠦᠮᠭᠡᠨ ᠢᠶᠠᠷ ᠤᠬᠤᠷᠢᠨ ᠭᠠᠷᠬᠤ ᠲᠣᠭᠲᠠᠴᠠ ᠶᠢ ᠬᠠᠶᠢᠨ ᠰᠦᠪᠡᠭᠴᠢᠯᠡᠨ ᠬᠡᠷᠡᠭᠵᠢᠭᠦᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠳᠤ ᠳᠥᠭᠦᠮ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠠᠢ᠃ ᠲᠠᠪᠤ ᠳᠤ ᠠᠵᠤ ᠠᠬᠤᠶᠢᠯᠠᠯ ᠤᠨ ᠨᠡᠷᠡᠶᠢᠳᠦᠯ ᠳᠠᠩᠰᠠᠯᠠᠭᠤᠯᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠷᠡᠶᠢᠳᠦᠯ ᠢ ᠨᠡᠶᠢᠭᠡᠮ ᠳᠤ ᠴᠢᠯᠥᠭᠡᠲᠡᠶ ᠲᠠᠯᠪᠢᠬᠤ ᠳ᠋ᠠᠶᠢᠲ᠋ᠠ ᠬᠦᠮᠦᠷᠭᠡ ᠶᠢ ᠰᠦᠪᠡᠭᠴᠢᠯᠡᠬᠦ ᠬᠡᠷᠡᠭᠲᠠᠢ᠃ ᠵᠢᠷᠭᠤᠭ᠎ᠠ ᠳᠤ ︽ᠤᠷᠢᠳᠠᠪᠠᠷ ᠡᠵᠡᠩᠨᠡᠯᠲᠡ ᠶᠢᠨ ᠦᠨᠡᠮᠯᠡᠯ ᠣᠯᠵᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾ ᠥᠭᠡᠷᠡᠴᠢᠯᠡᠯᠲᠡ ᠶᠢᠨ ᠵᠠᠯᠭᠠᠮᠵᠢ ᠬᠢᠨᠠᠨ ᠬᠠᠮᠢᠶᠠᠷᠬᠤ ᠠᠵᠢᠯ ᠢ ᠦᠨᠡᠨ ᠬᠦ ᠰᠠᠶᠢᠲᠤᠷ ᠠᠳᠬᠤᠵᠤ᠂  ︽ᠦᠨᠡᠮᠯᠡᠯ ᠢ ᠬᠠᠮᠲᠤᠷᠠᠨ ᠬᠦᠲᠡᠯᠦᠯᠴᠡᠵᠤ ᠬᠢᠨᠠᠨ ᠬᠠᠮᠢᠶᠠᠷᠬᠤ︾ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠳᠥᠭᠦᠮ ᠳᠥᠲᠡ ᠪᠦᠭᠡᠳ ᠥᠨᠳᠥᠷ ᠦᠷ᠎ᠡ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠬᠤ ᠬᠡᠷᠡᠭᠲᠠᠢ᠃ ᠳᠣᠯᠤᠭ᠎ᠠ ᠳᠤ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠤᠳᠠᠯ ᠦᠭᠡᠶ ᠨᠡᠶᠢᠲᠡᠯᠡᠬᠦ ᠭᠡᠵᠦ ᠪᠠᠶᠢᠭ᠎ᠠ ︽ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ ᠶᠢ ᠳᠠᠩᠰᠠᠯᠠᠬᠤ ᠬᠠᠮᠢᠶᠠᠷᠤᠯᠲᠠ ᠶᠢᠨ ᠲᠣᠭᠲᠠᠭᠠᠯ︾᠎ ᠢ ᠰᠠᠶᠢᠲᠤᠷ ᠨᠠᠶᠢᠳᠠᠪᠤᠷᠢᠵᠢᠭᠤᠯᠵᠤ᠂ ᠡᠵᠡᠩᠨᠡᠬᠦ ᠬᠡᠪᠴᠢᠶ᠎ᠡ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠯᠦᠭᠡᠲᠠᠢ ᠲᠠᠯᠪᠢᠬᠤ ᠬᠡᠷᠡᠭᠲᠠᠢ᠃ ᠨᠠᠢᠮᠠ ᠳᠤ  ᠣᠷᠣᠨ ᠰᠠᠭᠤᠴᠠ ︵ᠡᠵᠡᠩᠨᠡᠯᠲᠡ ᠶᠢᠨ ᠭᠠᠵᠠᠷ︶᠎ ᠶᠢᠨ ᠬᠠᠮᠢᠶᠠᠷᠤᠯᠲᠠ ᠶᠢᠨ ᠲᠣᠭᠲᠠᠭᠠᠯ ᠢ ᠬᠠᠷᠠᠬᠠᠨ ᠨᠡᠶᠢᠲᠡᠯᠡᠭᠡᠳᠦᠢ ᠠᠶᠢᠮᠠᠭ ᠬᠤᠲᠠ ᠨᠤᠭᠤᠳ ᠬᠠᠮᠢᠶ᠎ᠠ ᠪᠦᠬᠦᠢ ᠲᠣᠭᠲᠠᠭᠠᠯ ᠢ ᠱᠠᠯᠠᠪᠳᠠᠨ ᠨᠡᠶᠢᠲᠡᠯᠡᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠨᠡᠩ ᠳᠥᠭᠦᠮ ᠪᠤᠯᠭᠠᠬᠤ ᠬᠡᠷᠡᠭᠲᠠᠢ᠃      ᠳᠡᠳ᠋ ᠲᠣᠭᠤᠷᠢᠨ ᠪᠠᠶᠢᠴᠠᠭᠠᠭᠴᠢ ᠯᠢ ᠵᠢᠶᠦ᠋ᠨ ᠪᠦᠬᠦ ᠣᠷᠣᠨ ᠤ ᠤᠨ ᠤ ᠮᠡᠳᠡᠭᠦᠯᠦᠯᠲᠡ ᠶᠢᠨ ᠮᠡᠳᠡᠭᠡ ᠵᠠᠩᠬᠢ ᠶᠢ ᠵᠠᠷᠯᠠᠨ ᠨᠡᠶᠢᠲᠡᠯᠡᠬᠦ ᠠᠵᠢᠯ ᠤᠨ ᠪᠠᠶᠢᠳᠠᠯ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠤᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ ᠨᠡᠪᠲᠡᠷᠡᠭᠦᠯᠵᠤ  ᠂ ᠪᠣᠳᠠᠲᠠᠶ ᠠᠵᠢᠯ ᠤᠨ ᠱᠠᠭᠠᠷᠳᠠᠯᠭ᠎ᠠ ᠶᠢ ᠲᠤᠲᠤᠷᠬᠠᠶᠢᠯᠠᠨ ᠳᠤᠷᠠᠳᠪᠠ᠃      ᠬᠤᠷᠠᠯ ᠳᠡᠭᠡᠷ᠎ᠡ᠂ 14 ᠠᠶᠢᠮᠠᠭ ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠪᠤᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠳ ᠮᠡᠳᠡᠭᠡ ᠵᠠᠩᠬᠢ ᠶᠢᠨ ᠠᠵᠢᠯ ᠤᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢᠨ ᠲᠤᠬᠠᠢ ᠶᠠᠷᠢᠶ᠎ᠠ ᠲᠠᠯᠪᠢᠵᠠᠶ᠂ ᠠᠵᠤ ᠠᠬᠤᠶᠢᠯᠠᠯ ᠳᠠᠩᠰᠠᠯᠠᠬᠤ ᠪᠠ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠲᠥᠯᠥᠭᠡᠯᠡᠭᠴᠢᠳ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ  ᠬᠢᠭᠡᠳ ᠪᠤᠳᠠᠲᠠᠢ ᠬᠢᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠤᠨ ᠲᠤᠬᠠᠢ ᠰᠤᠯᠢᠯᠴᠠᠵᠤ ᠶᠠᠷᠢᠯᠴᠠᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠳ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠦᠭᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号