ᠡᠨᠡ ᠵᠢᠯ ᠠᠴᠠ ᠨᠠᠰᠢ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠦᠴᠢᠷᠳᠡᠯᠲᠡᠶ | ᠰᠤᠷᠤᠭᠴᠢᠳ ᠢ ᠪᠡᠯᠡ ᠮᠥᠩᠭᠦ ᠪᠠᠷ ᠲᠤᠰᠠᠯᠠᠬᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠢᠳᠡᠪᠬᠢᠲᠡᠶ ᠪᠠᠷ ᠪᠡᠯᠡ ᠮᠥᠩᠭᠦ | ᠴᠤᠭᠯᠠᠭᠤᠯᠤᠨ᠂ ᠭᠡᠷ ᠪᠦᠯᠢ ᠨᠢ ᠬᠦᠴᠢᠷᠳᠡᠯᠲᠡᠶ ᠰᠤᠷᠤᠭᠴᠢᠳ ᠢ ᠪᠡᠯᠡ ᠮᠥᠩᠭᠦ ᠪᠠᠷ ᠲᠤᠰᠠᠯᠠᠬᠤ ᠡᠷᠴᠢᠮ ᠢᠶᠠᠨ | ᠴᠢᠩᠭᠠᠷᠠᠭᠤᠯᠵᠤ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠲᠥᠪ ᠭᠤᠣᠯᠴᠢ ᠪᠠᠷ ᠬᠦᠭᠵᠢᠬᠦ ᠶᠢ | ᠠᠬᠢᠭᠤᠯᠵᠠᠢ᠃ ᠳᠡᠭᠡᠷ᠎ᠡ ᠬᠠᠭᠠᠰ ᠵᠢᠯ ᠳᠤ᠂ ᠬᠤᠲᠠ ᠶᠢᠨ ᠡᠳ᠋ ᠤᠨ ᠵᠠᠰᠠᠭ ᠬᠦᠴᠢᠷᠳᠡᠯᠲᠡᠢ ᠶᠢ ᠳᠡᠳᠬᠦᠨ | ᠰᠤᠷᠤᠯᠭ᠎ᠠ ᠳᠤᠨᠢ ᠲᠤᠰᠠᠯᠠᠬᠤ ᠪᠡᠯᠡ ᠮᠥᠩᠭᠦ ᠨᠡᠶᠢᠲᠡ 1.3 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠪᠦᠬᠦ | ᠬᠤᠲᠠ ᠶᠢᠨ12.1 ᠲᠦᠮᠡᠨ ᠶᠠᠳᠠᠭᠤ ᠬᠦᠴᠢᠷᠳᠡᠯᠲᠡᠶ ᠰᠤᠷᠤᠭᠴᠢ ᠠᠰᠢᠭ ᠬᠦᠷᠳᠡᠵᠡᠢ᠃ | ᠨᠢᠭᠡ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ 5050 ᠲᠦᠮᠡᠨ ᠲᠥᠭᠦᠷᠢᠭ ᠤᠨ ᠪᠡᠯᠡ ᠮᠥᠩᠭᠦ ᠰᠢᠯᠵᠢᠭᠦᠯᠦᠨ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠰᠤᠷᠤᠭᠴᠢᠳ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠪᠠ ︽ᠬᠤᠶᠠᠷ ᠠᠴᠠ ᠬᠡᠯᠲᠦᠷᠢᠭᠦᠯᠬᠦ︾ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠡᠨᠡ ᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠲᠤᠰᠠᠯᠠᠬᠤ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤᠮᠳᠠᠴᠢ ᠪᠠᠷ | 1500 ᠲᠥᠭᠦᠷᠢᠭ ᠪᠠᠶᠢᠭᠰᠠᠨ ᠠᠴᠠ ᠨᠢ 2000 ᠲᠥᠭᠦᠷᠢᠭ ᠪᠣᠯᠭᠠᠨ ᠨᠡᠮᠡᠭᠳᠡᠭᠦᠯᠪᠡ᠃ ᠡᠭᠦᠨ ᠤ ᠬᠠᠮᠲᠤ᠂ | ᠲᠤᠰᠠᠯᠠᠮᠵᠢ ᠬᠦᠷᠲᠡᠬᠦ ᠰᠤᠷᠤᠭᠴᠢᠳ ᠪᠡᠯᠡ ᠮᠥᠩᠭᠦ ᠶᠢᠨ ᠲᠤᠰᠠᠯᠠᠮᠵᠢ ᠶᠢ ᠴᠠᠭ ᠲᠤᠬᠠᠶ ᠳᠤᠨᠢ ᠣᠯᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠪᠦᠬᠦ ᠢᠵᠢ ᠪᠦᠷᠢᠳᠦᠭᠦᠯᠦᠯᠲᠡ ᠶᠢᠨ | ᠪᠡᠯᠡ ᠮᠥᠩᠭᠦ ᠶᠢ ᠡᠭᠦᠷᠭᠡᠯᠡᠵᠦ᠂ ᠪᠡᠯᠡ ᠮᠥᠩᠭᠦ ᠶᠢ ᠬᠤᠲᠠ ᠶᠢᠨ ᠰᠤᠷᠤᠭᠴᠢᠳ ᠢ ᠲᠤᠰᠠᠯᠠᠬᠤ ᠲᠥᠪ ᠲᠤ ᠰᠠᠯᠭᠠᠨ | ᠥᠭᠴᠦ᠂ ᠲᠡᠳᠡᠨ ᠢᠶᠠᠷ ᠨᠢᠭᠡᠳᠦᠯᠲᠡᠶ ᠲᠠᠷᠬᠠᠭᠠᠯᠭᠠᠵᠤ᠂ 5.3 ᠲᠦᠮᠡᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠠᠰᠢᠭ ᠬᠦᠷᠳᠡᠵᠡᠢ᠃ | ᠬᠤᠶᠠᠷ ᠲᠤ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠭᠴᠢᠳ ᠲᠤ | ᠤᠯᠤᠰ ᠤᠨ ᠱᠠᠩᠨᠠᠯ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠠᠵᠢᠯ ᠢ ᠰᠠᠶᠢᠲᠤᠷ ᠬᠢᠪᠡ᠃ 5175 | ᠲᠦᠮᠡᠨ ᠲᠥᠭᠦᠷᠢᠭ ᠤᠨ ᠪᠡᠯᠡ ᠮᠥᠩᠭᠦ ᠰᠠᠯᠭᠠᠨ ᠥᠭᠴᠦ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ 3.1 ᠲᠦᠮᠡ ᠰᠢᠬᠠᠮ ᠶᠠᠳᠠᠭᠤ ᠬᠦᠴᠢᠷᠳᠡᠯᠲᠡᠢ ᠰᠤᠷᠤᠭᠴᠢ ᠶᠢ ᠲᠤᠰᠠᠯᠠᠵᠠᠢ᠃ ᠡᠭᠦᠨ ᠤ ᠬᠠᠮᠲᠤ | ᠂ ᠪᠡᠯᠡ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠨᠢ ᠰᠤᠷᠤᠭᠴᠢᠳ ᠤᠨ ᠭᠠᠷ ᠲᠤ ᠣᠯᠭᠤᠬᠤ ᠶᠢ | ᠪᠠᠲᠤᠯᠠᠬᠤ ᠶᠢᠨ ᠲᠥᠯᠦᠭᠡ᠂ ᠡᠳ᠋ ᠤᠨ ᠵᠠᠰᠠᠭ ᠰᠢᠭᠤᠳ ᠥᠭᠬᠦ ᠠᠷᠭ᠎ᠠ ᠪᠠᠷ ᠪᠡᠯᠡ ᠮᠥᠩᠭᠦ ᠶᠢ ᠰᠤᠷᠤᠭᠴᠢᠳ ᠤᠨ | ᠪᠠᠩᠬᠢ ᠶᠢᠨ ᠺᠠᠷᠲ ᠲᠤ ᠰᠢᠭᠤᠳ ᠣᠷᠣᠭᠤᠯᠵᠤ᠂ ᠮᠡᠬᠡᠯᠡᠨ ᠠᠪᠬᠤ᠂ ᠦᠯᠡᠳᠡᠭᠡᠨ ᠠᠪᠬᠤ ᠵᠡᠷᠭᠡ ᠠᠷᠭ᠎ᠠ ᠵᠠᠮ ᠢ | ᠪᠦᠭᠯᠡᠪᠡ᠃ | ᠭᠤᠷᠪᠠ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢ ︽ᠬᠤᠶᠠᠷ ᠠᠴᠠ | ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2303 ᠲᠦᠮᠡᠨ ᠲᠥᠭᠦᠷᠢᠭ ᠤᠨ ᠪᠡᠯᠡ | ᠮᠥᠩᠭᠦ ᠰᠢᠯᠵᠢᠭᠦᠯᠦᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠶᠠᠷ ᠠᠴᠠ | ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ 2.4 | ᠲᠦᠮᠡ ᠰᠢᠬᠠᠮ ᠰᠤᠷᠤᠭᠴᠢ ᠠᠰᠢᠭ ᠬᠦᠷᠳᠡᠵᠡᠢ᠃ | ᠳᠥᠷᠪᠡ ᠳᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨᠳᠠᠬᠢ | ᠪᠠᠶᠢᠷᠢ ᠳᠤ ᠰᠠᠭᠤᠭ᠎ᠠ ᠶᠠᠳᠠᠭᠤ ᠬᠦᠴᠢᠷᠲᠡᠶ ᠰᠤᠷᠤᠭᠴᠢᠳ ᠲᠤ ᠦᠨ᠎ᠡ ᠲᠥᠯᠥᠪᠦᠷᠢ ᠦᠭᠡᠶ ᠦᠳᠡ ᠶᠢᠨ ᠬᠤᠭᠤᠯᠠ | ᠬᠠᠩᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠤᠭᠤᠲᠤ ᠬᠤᠲᠠ 2013 ᠣᠨ ᠳᠤ ᠥᠪᠡᠷᠲᠡᠭᠡᠨ | ᠲᠥᠷᠥ ᠶᠢᠨ ᠪᠣᠳᠤᠯᠭ᠎ᠠ ᠨᠡᠶᠢᠲᠡᠯᠡᠨ᠂ ᠭᠤᠣᠯᠳᠠᠭᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠠᠬᠢ ᠪᠠᠶᠢᠷᠢ ᠳᠤ ᠰᠠᠭᠤᠭ᠎ᠠ ᠰᠤᠷᠤᠭᠴᠢᠳ ᠲᠤ ᠦᠨ᠎ᠡ ᠲᠥᠯᠥᠪᠦᠷᠢ ᠦᠭᠡᠶ ᠦᠳᠡ ᠶᠢᠨ | ᠬᠤᠭᠤᠯᠠ ᠬᠠᠩᠭᠠᠵᠤ᠂ ᠨᠥᠬᠦᠪᠥᠷᠢ ᠶᠢᠨ ᠪᠠᠷᠢᠮᠵᠢᠶ᠎ᠠ ᠶᠢ ᠪᠠᠭ᠎ᠠ ᠰᠤᠷᠭᠠᠭᠤᠯᠢ ᠳᠤ ᠰᠤᠷᠤᠭᠴᠢ ᠨᠢᠭᠡᠪᠦᠷᠢ ᠵᠢᠯ ᠳᠤ | 1000 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠨᠢᠭᠡᠪᠦᠷᠢ ᠵᠢᠯ ᠳᠤ 1200 | ᠲᠥᠭᠦᠷᠢᠭ ᠢᠶᠠᠷ ᠲᠣᠭᠲᠠᠭᠠᠵᠤ ᠂ ᠬᠡᠷᠡᠭᠴᠡᠭᠡ ᠪᠦᠬᠦᠢ ᠪᠡᠯᠡ ᠮᠥᠩᠭᠦ ᠶᠢ ᠬᠤᠲᠠ ᠶᠢᠨ ᠲᠤᠰ ᠱᠠᠲᠤ ᠪᠠ ᠬᠤᠰᠢᠭᠤ | ᠰᠢᠶᠠᠨ ᠲᠣᠭᠤᠷᠢᠭ 1᠄ 2 ᠤᠨ ᠬᠠᠷᠢᠴᠠᠯ ᠢᠶᠠᠷ ᠡᠭᠦᠷᠭᠡᠯᠡᠵᠦ᠂ ᠬᠤᠲᠠ ᠶᠢᠨ ᠲᠤᠰ ᠱᠠᠲᠤ 500 ᠲᠦᠮᠡᠨ | ᠲᠥᠭᠦᠷᠢᠭ ᠤᠨ ᠪᠡᠯᠡ ᠮᠥᠩᠭᠦ ᠰᠢᠯᠵᠢᠭᠦᠯᠦᠨ ᠦᠭᠴᠦ᠂ ᠪᠦᠬᠦ ᠬᠤᠲᠠ ᠶᠢᠨ 1.3 ᠲᠦᠮᠡᠨ ᠰᠤᠷᠤᠭᠴᠢ ᠠᠰᠢᠭ | ᠬᠦᠷᠳᠡᠵᠡᠢ᠃ | |