ᠲᠦᠩᠯᠢᠶᠣᠤ ᠬᠤᠲᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ ᠴᠣᠩᠬᠤ ᠶᠢ ᠬᠤᠲᠠ ᠬᠥᠳᠡᠭᠡ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2015/7/2
      ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ  ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠠᠪᠤᠷᠠᠨ ᠲᠤᠰᠠᠯᠠᠬᠤ ᠠᠵᠢᠯ ᠢ ᠵᠢᠷᠤᠮᠵᠢᠭᠤᠯᠵᠤ᠂ ᠬᠦᠴᠢᠷᠳᠡᠯᠲᠡᠶ ᠣᠯᠠᠨ ᠲᠦᠮᠡᠨ ᠳᠤ ᠴᠢᠨᠠᠷ ᠰᠠᠶᠢᠲᠠᠶ᠂ ᠳᠥᠭᠦᠮ ᠳᠥᠲᠡ ᠦᠢᠯᠡᠴᠢᠯᠡᠭᠡ ᠬᠠᠩᠭᠠᠬᠤ ᠶᠢᠨ ᠲᠤᠰᠠᠳᠠ᠂ ᠲᠦᠩᠯᠢᠶᠣᠤ ᠬᠤᠲᠠ ︽ᠨᠢᠭᠡ ᠰᠠᠯᠠᠭ᠎ᠠ ᠮᠦᠴᠢᠷ ᠬᠦᠯᠢᠶᠠᠨ ᠠᠪᠴᠤ ᠬᠠᠮᠵᠢᠯᠴᠠᠨ ᠭᠦᠢᠴᠡᠳᠬᠡᠬᠦ︾ ᠲᠣᠭᠲᠠᠴᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠣᠳᠣ ᠪᠦᠬᠦ ᠬᠤᠲᠠ ᠶᠢᠨ 110 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠨᠢᠭᠡᠳᠦᠯᠲᠡᠶ ᠢᠯᠡᠳᠬᠡᠮᠵᠢ ᠶᠢᠨ ᠲᠡᠮᠳᠡᠭ ᠲᠠᠢ ᠨᠡᠶᠢᠭᠡᠮ ᠤᠨ ᠠᠪᠤᠷᠠᠨ ᠲᠤᠰᠠᠯᠠᠬᠤ 117 ᠴᠣᠩᠬᠤ ᠪᠠᠶᠢᠭᠤᠯᠤᠭᠰᠠᠨ ᠤ ᠬᠠᠮᠲᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠬᠢᠨᠠᠯᠲᠠ ᠲᠠᠯᠪᠢᠬᠤ ᠵᠠᠭᠠᠯᠳᠤᠬᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠎ ᠶᠢ ᠪᠦᠬᠦᠨ ᠢ ᠬᠡᠷᠡᠮ ᠳᠡᠭᠡᠷ᠎ᠡ ᠢᠯᠡᠷᠬᠡᠶᠢᠯᠡᠭᠰᠡᠨ ᠪᠠᠶᠢᠨ᠎ᠠ᠃ ᠡᠭᠦᠨ ᠤ ᠬᠠᠮᠲᠤ᠂ ᠲᠣᠭᠲᠠᠴᠠ ᠪᠠᠨ ᠲᠠᠰᠤᠷᠠᠯᠲᠠ ᠦᠭᠡᠶ ᠰᠢᠨᠡᠴᠢᠯᠡᠵᠦ᠂ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠵᠤ᠂ ᠬᠡᠷᠡᠭ ᠶᠠᠪᠤᠳᠠᠯ ᠢ ᠲᠤᠰᠬᠠᠶ ᠬᠥᠮᠦᠨ ᠢᠶᠠᠷ ᠬᠠᠮᠢᠶᠠᠷᠠᠭᠤᠯᠵᠤ᠂ ᠰᠢᠯᠵᠢᠭᠦᠯᠦᠨ ᠭᠦᠢᠴᠡᠳᠬᠡᠬᠦ᠂ ᠬᠤᠪᠢᠶᠠᠷᠢᠯᠠᠨ ᠭᠦᠢᠴᠡᠳᠬᠡᠬᠦ ᠠᠵᠢᠯ ᠢ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ︽ ᠨᠢᠭᠡ ᠰᠠᠯᠠᠭ᠎ᠠ ᠮᠦᠴᠢᠷ ᠬᠦᠯᠢᠶᠡᠨ ᠠᠪᠬᠤ︾ ᠲᠠᠪᠴᠠᠩ ᠨᠢ ᠳᠡᠭᠡᠭᠰᠢ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠨ᠂  ᠳᠣᠷᠤᠭᠰᠢ ᠪᠠᠨ ᠭᠠᠴᠠᠭᠠᠨ ︵ᠰᠠᠭᠤᠭᠠᠯᠢ ᠠᠷᠠᠳ ᠤᠨ ᠵᠥᠪᠯᠡᠯ︶᠎ ᠤ ᠣᠯᠠᠨ ᠲᠦᠮᠡᠨ ᠲᠠᠢ ᠵᠣᠯᠭᠠᠬᠤ ᠶᠢ ᠪᠡᠶᠡᠯᠡᠭᠦᠯᠪᠡ᠃ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠲᠤᠯᠭᠠᠷᠠᠭᠰᠠᠨ  ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠠᠳᠡᠯ᠂ ᠬᠦᠨᠳᠦ ᠡᠪᠡᠳᠴᠢᠯᠡᠭᠰᠡᠨ ᠵᠡᠷᠭᠡ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠡᠵᠡᠮᠰᠢᠵᠦ᠂ ᠬᠢᠨᠠᠨ ᠬᠠᠷᠭᠤᠭᠤᠯᠵᠤ᠂ ᠠᠮᠢᠳᠤᠷᠠᠯ ᠎ ᠳᠤᠨᠢ ᠬᠦᠴᠢᠷᠳᠡᠯ ᠲᠤᠯᠭᠠᠷᠠᠭᠰᠠᠨ ᠬᠦᠴᠢᠷᠳᠡᠯ ᠲᠠᠢ ᠣᠯᠠᠨ ᠲᠦᠮᠡᠨ ᠢ ᠰᠠᠨᠠᠭᠠᠴᠢᠯᠠᠭ᠎ᠠ ᠲᠠᠢ ᠪᠠᠷ ᠬᠠᠪᠰᠤᠷᠤᠨ ᠠᠪᠤᠷᠠᠨ ᠲᠤᠰᠠᠯᠠᠬᠤ ᠭᠤᠶᠤᠴᠢᠯᠠᠯ ᠭᠠᠷᠭᠠᠯᠭᠠᠬᠤ ᠶᠢᠨ ᠬᠠᠮᠲᠤ ᠬᠠᠮᠵᠢᠨ ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠵᠦ᠂ ᠡᠷᠲᠡ ᠭᠤᠶᠤᠴᠢᠯᠠᠵᠤ᠂ ᠡᠷᠲᠡ ᠬᠢᠨᠠᠨ ᠪᠠᠶᠢᠴᠠᠭᠠᠵᠤ᠂ ᠡᠷᠲᠡ ᠠᠪᠤᠷᠠᠨ ᠲᠤᠰᠠᠯᠠᠬᠤ ᠪᠣᠯᠭᠠᠪᠠ᠃ ᠡᠯ᠎ᠡ ᠨᠡᠶᠢᠭᠡᠮ ᠤᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ  ᠠᠪᠤᠷᠠᠨ ᠲᠤᠰᠠᠯᠠᠬᠤ  ᠶᠠᠭᠠᠷᠠᠯᠲᠠᠢ ᠤᠲᠠᠰᠤ ᠪᠠᠨ ᠢᠯᠡ ᠪᠠᠷ ᠨᠡᠶᠢᠲᠡᠯᠡᠨ᠂ ᠬᠦᠴᠢᠷᠳᠡᠯᠲᠡᠶ ᠣᠯᠠᠨ ᠲᠦᠮᠡᠨ ᠤ ᠠᠪᠤᠷᠠᠨ ᠲᠤᠰᠠᠯᠠᠭᠤᠯᠬᠤ ᠪᠠᠷ ᠭᠤᠶᠤᠴᠢᠯᠠᠬᠤ ᠪᠠ ᠬᠠᠮᠢᠶ᠎ᠠ ᠪᠦᠬᠦᠢ ᠬᠥᠮᠦᠰ ᠤᠨ ᠪᠠᠴᠢᠮ ᠭᠦᠴᠢᠷᠳᠡᠯ ᠤᠨ ᠪᠠᠶᠢᠳᠠᠯ ᠢ ᠮᠡᠳᠡᠭᠦᠯᠬᠦ ᠠᠷᠭ᠎ᠠ ᠵᠠᠮ ᠢ  ᠰᠢᠯᠤᠭᠤᠳᠬᠠᠵᠠᠢ᠃ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠰᠠᠨᠠᠭᠠᠴᠢᠯᠠᠭ᠎ᠠ ᠲᠠᠢ ᠪᠠᠷ  ᠣᠯᠵᠤ ᠮᠡᠳᠡᠨ ᠠᠪᠤᠷᠠᠨ ᠲᠤᠰᠠᠯᠠᠭᠰᠠᠨ ᠬᠥᠮᠦᠨ ᠤ ᠲᠤᠭ᠎ᠠ ᠨᠢ 317᠎ ᠳᠤ ᠬᠦᠷᠴᠦ᠂ ᠠᠪᠤᠷᠠᠨ ᠲᠤᠰᠠᠯᠠᠬᠤ ᠪᠡᠯᠡ ᠮᠥᠩᠭᠦ 10 ᠲᠦᠮᠡ ᠰᠢᠬᠠᠮ ᠲᠥᠭᠦᠷᠢᠭ ᠵᠠᠷᠤᠴᠠᠭᠤᠯᠵᠠᠢ  ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号